2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ ᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/2
   ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ 2024 ᠣᠨ ᠤ ᠵᠢᠭᠤᠯᠴᠢᠯᠠᠯ ᠤᠨ ᠦᠢᠯᠡᠰ ᠤᠨ ᠡᠯ᠎ᠡ ᠵᠦᠢᠯ ᠤᠨ ᠠᠵᠢᠯ ᠢ ᠳ᠋ᠦᠩᠨᠡᠨ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ ᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠰᠦᠪᠡᠭᠴᠢᠯᠡᠬᠦ ᠶᠢᠨ ᠲᠤᠰᠠᠳᠠ᠂ 8 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ ᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠶᠣᠣ ᠬᠤᠩ ᠭᠠᠩ᠂ ᠯᠢ ᠰᠢᠤᠸᠠᠢ ᠶᠢᠩ᠂ ᠯᠦ ᠵᠧᠨ ᠰᠢᠨ᠂ ᠷᠧᠨ ᠳ᠋ᠧ ᠰᠢᠨ᠂ ᠣᠨᠳᠬᠠᠨᠪᠠᠭᠠᠲᠤᠷ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠨᠢᠭᠡᠴᠡ ᠶᠢᠨ ᠭᠤᠣᠯ ᠤᠳᠤᠷᠢᠳᠤᠯᠭ᠎ᠠ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠳᠠᠭᠠᠤ ᠡᠯ᠎ᠡ ᠭᠤᠣᠯᠳᠠᠯᠭ᠎ᠠ ᠲᠠᠢ ᠦᠵᠡᠮᠵᠢ ᠶᠢᠨ ᠣᠷᠣᠨ᠂ ᠮᠠᠯᠴᠢᠨ ᠡᠷᠦᠬᠡ᠂ ᠠᠷᠠᠳ ᠤᠨ ᠰᠠᠭᠤᠴᠠ ᠪᠠᠭᠤᠳᠠᠯ ᠤᠨ ᠬᠠᠷᠢᠭᠤᠴᠠᠯᠭᠠᠲᠠᠨ ᠵᠢᠴᠢ ᠬᠤᠰᠢᠭᠤ ᠰᠣᠶᠣᠯ ᠵᠢᠭᠤᠯᠴᠢᠯᠠᠯ ᠤᠨ ᠨᠡᠶᠢᠭᠡᠮᠯᠢᠭ᠂ ᠵᠢᠭᠤᠯᠴᠢᠯᠠᠯ ᠤᠨ ᠦᠢᠯᠡᠴᠢᠯᠡᠭᠡᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
  ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠬᠠᠷᠢᠭᠤᠴᠠᠯᠭᠠᠲᠠᠨ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠠᠵᠢᠯ ᠤᠨ ᠳ᠋ᠦᠩᠨᠡᠯᠲᠡ ᠪᠠ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ  ᠤᠨ ᠳᠡᠭᠡᠭᠰᠢᠯᠡᠯᠲᠡ ᠵᠢᠴᠢ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠪᠡ᠃ ᠳᠠᠷᠠᠭ᠎ᠠ ᠨᠢ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠠᠴᠠ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ ᠤᠨ ᠲᠣᠭᠤᠷᠢᠨ ᠳᠤ᠂ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ  ᠢ ᠬᠠᠶᠢᠨ ᠰᠦᠪᠡᠭᠴᠢᠯᠡᠭᠰᠡᠨ ᠲᠤᠷᠰᠢᠯᠭ᠎ᠠ ᠪᠠ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠬᠠᠷᠢᠶ᠎ᠠ ᠠᠵᠢᠯ ᠲᠥᠷᠥᠯ ᠤᠨ ᠢᠶᠠᠨ ᠦᠨᠳᠦᠰᠦᠨ ᠪᠠᠶᠢᠳᠠᠯ ᠤᠨ ᠲᠤᠬᠠᠢ ᠰᠣᠯᠢᠯᠴᠠᠨ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠠᠵᠢᠯ ᠲᠥᠷᠥᠯ ᠳᠤ ᠲᠤᠯᠭᠠᠷᠠᠵᠤ ᠪᠠᠶᠢᠭ᠎ᠠ  ᠬᠦᠴᠢᠷᠳᠡᠯ ᠢ ᠳᠤᠷᠠᠳᠤᠭᠰᠠᠨ ᠪᠥᠭᠡᠳ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠢ ᠬᠡᠷᠬᠢᠨ ᠠᠬᠢᠭᠤᠯᠵᠤ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠬᠡᠷᠬᠢᠨ ᠪᠠᠶᠠᠯᠢᠭᠵᠢᠭᠤᠯᠤᠨ ᠳᠡᠭᠡᠭᠰᠢᠯᠡᠭᠦᠯᠬᠦ ᠲᠤᠬᠠᠢ ᠲᠣᠰ ᠲᠣᠰ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠄ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ IP ᠶᠢ ᠭᠦᠢᠴᠡᠳ ᠠᠰᠢᠭᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠦᠬᠦ ᠲᠠᠯ᠎ᠠ ᠪᠠᠷ ᠪᠤᠵᠠᠭᠠᠶᠢᠷᠠᠭᠤᠯᠵᠤ᠂ ᠬᠤᠯᠪᠣᠭᠳᠠᠯ ᠪᠦᠬᠦᠢ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠮ ᠱᠤᠭᠤᠮ ᠢ ᠴᠡᠭᠴᠡᠯᠡᠬᠦ᠂ ᠨᠠᠷᠠᠲᠤ ᠲᠡᠮᠳᠡᠭᠲᠦ ᠶᠢ ᠬᠠᠮᠲᠤᠪᠠᠷ ᠪᠠᠶᠢᠭᠤᠯᠬᠤ ᠵᠢᠴᠢ ᠢᠷᠡᠭᠡᠳᠦᠢ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠲᠠᠯ᠎ᠠ ᠪᠠᠷ‌ᠢᠳᠡᠪᠬᠢᠲᠡᠢ ᠰᠠᠶᠢᠲᠤᠷ ᠠᠵᠢᠯᠯᠠᠵᠤ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠂ ᠣᠨᠴᠠᠯᠢᠭᠲᠤ ᠵᠢᠭᠤᠯᠴᠢᠯᠠᠯ᠂ ᠦᠢᠯᠡᠴᠢᠯᠡᠭᠡ ᠪᠠᠨ ᠳᠡᠭᠡᠭᠰᠢᠯᠡᠭᠦᠯᠬᠦ ᠪᠠᠷ ᠳᠠᠮᠵᠢᠭᠤᠯᠤᠨ ᠵᠢᠭᠤᠯᠴᠢᠯᠠᠭᠰᠠᠳ ᠢ ᠲᠠᠲᠠᠬᠤ ᠬᠡᠷᠡᠭᠲᠡᠢ ᠭᠡᠵᠡᠢ᠃
  ᠬᠤᠷᠠᠯ ᠠᠴᠠ ᠱᠠᠭᠠᠷᠳᠠᠭᠰᠠᠨ ᠨᠢ᠂ ᠵᠢᠭᠤᠯᠴᠢᠯᠠᠯ ᠤᠨ ᠬᠥᠭᠵᠢᠯᠲᠡ ᠶᠢᠨ ᠬᠦᠴᠦᠨ ᠢ  ᠴᠢᠩᠭᠠᠳᠬᠠᠵᠤ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠣᠶᠣᠯ  ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ ᠬᠥᠭᠵᠢᠭᠡᠬᠦ ᠬᠡᠷᠡᠭᠲᠡᠢ᠃ ᠵᠢᠭᠤᠯᠴᠢᠯᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠬᠥᠭᠵᠢᠯᠲᠡ ᠶᠢᠨ ᠳᠦᠷᠢ ᠲᠥᠷᠬᠦ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠨᠠᠷᠠᠲᠤ ᠲᠡᠮᠳᠡᠭᠲᠦ  ᠶᠢ ᠪᠣᠶ ᠪᠣᠯᠭᠠᠵᠤ᠂ ᠣᠨᠴᠠᠯᠢᠭᠲᠤ ᠢᠳᠡᠭᠡᠨ ᠤᠮᠳᠠᠭᠠᠨ ᠢ ᠬᠥᠭᠵᠢᠭᠦᠯᠦᠨ᠂ ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ ᠬᠤᠨᠤᠭ ᠰᠠᠭᠤᠴᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠶᠠᠨᠴᠢᠳ ᠢ ᠲᠠᠲᠠᠬᠤ ᠠᠷᠭ᠎ᠠ ᠵᠠᠮ ᠢ ᠥᠷᠭᠡᠳᠬᠡᠵᠦ᠂ ᠠᠵᠢᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠪᠠ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号