ᠪᠠᠷᠠᠭᠤᠨ ᠦᠵᠦᠮᠦᠴᠢᠨ ᠬᠤᠰᠢᠭᠤ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠥᠳᠡᠯᠮᠦᠷᠢ ᠶᠢᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2024/9/2
    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ᠤᠮᠠᠷᠠᠲᠤ ᠶᠢᠨ ᠭᠤᠷᠪᠠᠨ ᠣᠷᠣᠨ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠲᠡᠶᠢᠨ ᠢ ᠰᠠᠶᠢᠲᠤᠷ ᠬᠢᠬᠦ ᠬᠥᠳᠡᠯᠮᠦᠷᠢ ᠶᠢᠨ ᠤᠷᠤᠯᠳᠤᠭᠠᠨ ᠢ ᠤᠯᠠᠭᠠᠨᠬᠠᠭᠠᠯᠠᠭ᠎ᠠ ᠰᠣᠮᠣᠨ ᠤ ᠪᠠᠶ᠋ᠬᠠᠤᠪᠤᠭᠠᠳᠣ ᠭᠠᠴᠠᠭᠠᠨ ᠳᠤ ᠶᠠᠪᠤᠭᠳᠠᠭᠤᠯᠪᠠ᠃ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠠᠵᠢᠯᠯᠠᠭ᠎ᠠ ᠳᠤ ᠣᠷᠣᠯᠴᠠᠵᠠᠢ᠃      ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 36 ᠬᠥᠮᠥᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢ ᠬᠠᠮᠲᠤ ᠶᠢᠨ ᠤᠷᠤᠯᠳᠤᠭᠠᠨ ᠤ ᠬᠡᠯᠪᠡᠷᠢ ᠪᠠᠷ ᠶᠠᠪᠤᠭᠳᠠᠭᠤᠯᠵᠤ᠂ 4 ᠬᠥᠮᠥᠨ ᠨᠢᠭᠡ  ᠳᠣᠭᠤᠶᠢᠯᠠᠩ ᠪᠣᠯᠵᠤ᠂ ᠤᠷᠤᠯᠳᠤᠭᠠᠨ ᠤ ᠲᠠᠯ᠎ᠠ ᠶᠢᠨ ᠬᠠᠩᠭᠠᠭᠰᠠᠨ ᠲᠠᠯᠠᠪᠤᠷ ᠲᠤ ᠳᠥᠷᠪᠡᠯᠵᠢᠨ ᠬᠡᠯᠪᠡᠷᠢ ᠪᠠᠷ ᠡᠪᠡᠰᠦ ᠳᠠᠷᠢᠵᠤ᠂ ᠬᠠᠮᠤᠭ ᠡᠴᠦᠰ ᠲᠤ ᠪᠡᠶᠡᠯᠡᠭᠦᠯᠦᠭᠰᠡᠨ ᠴᠠᠭ ᠬᠤᠭᠤᠴᠠᠭ᠎ᠠ ᠪᠠ ᠶᠠᠰᠤ ᠴᠢᠨᠠᠷ ᠢ ᠦᠨᠳᠦᠰᠦᠯᠡᠨ ᠨᠢᠭᠡᠳᠦᠭᠡᠷ ᠳᠡᠰ ᠤᠨ ᠱᠠᠩᠨᠠᠯ 1 ᠨᠡᠷ᠎ᠡ᠂ ᠬᠤᠶᠠᠳᠤᠭᠠᠷ ᠳᠡᠰ ᠤᠨ ᠱᠠᠩᠨᠠᠯ 2 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 3 ᠨᠡᠷ᠎ᠡ ᠵᠢᠴᠢ ᠰᠢᠯᠢᠳᠡᠭ ᠵᠣᠬᠢᠶᠠᠨ  ᠪᠠᠶᠢᠭᠤᠯᠣᠭᠰᠠᠨ ᠨᠢᠭᠡᠴᠡ ᠶᠢ ᠰᠢᠯᠭᠠᠷᠠᠭᠤᠯᠤᠭᠰᠠᠨ ᠪᠠᠶᠢᠨ᠎ᠠ᠃      ᠤᠷᠤᠯᠳᠤᠭᠠᠨ ᠤ ᠲᠠᠯᠠᠪᠠᠢ ᠳᠤ᠂ ᠡᠯ᠎ᠡ ᠳᠣᠭᠤᠶᠢᠯᠠᠩ ᠤᠨ ᠤᠷᠤᠯᠳᠤᠭᠠᠨ ᠳᠤ ᠣᠷᠣᠯᠴᠠᠭᠰᠠᠳ ᠤᠨ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ᠂  ᠤᠯᠠᠨ ᠢᠶᠠᠷ ᠢᠶᠠᠨ ᠡᠷᠴᠢ ᠵᠣᠷᠢᠭ ᠢᠶᠠᠨ ᠬᠥᠪᠴᠢᠯᠡᠨ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠲᠤᠲᠤᠷᠭ᠎ᠠ ᠶᠢᠨ ᠰᠦᠷᠡᠯ᠂ ᠬᠤᠯᠤᠰᠤ ᠵᠡᠷᠭᠡ ᠪᠠᠶᠢᠭᠠᠯᠢ ᠶᠢᠨ ᠮᠠᠲ᠋ᠧᠷᠢᠶᠠᠯ ᠢ ᠠᠰᠢᠭᠯᠠᠵᠤ ᠂ ᠰᠢᠨᠵᠢᠯᠡᠬᠦ ᠤᠬᠠᠭᠠᠨᠴᠢ ᠵᠢᠷᠤᠭ ᠲᠥᠯᠥᠪᠯᠡᠭᠡ ᠪᠠ ᠨᠢᠭᠲᠠ ᠬᠠᠮᠵᠢᠯᠴᠠᠭ᠎ᠠ ᠪᠠᠷ ᠳᠠᠮᠵᠢᠨ᠂ ᠡᠯᠡᠰᠦ ᠰᠢᠷᠣᠢ ᠬᠡᠶᠢᠰᠬᠦ ᠶᠢ ᠪᠦᠲᠦᠮᠵᠢᠲᠡᠢ ᠰᠡᠷᠭᠡᠶᠢᠯᠡᠵᠦ ᠴᠢᠳᠠᠬᠤ ᠬᠠᠯᠬᠠᠪᠴᠢ ᠶᠢ ᠴᠣᠭᠴᠠᠯᠠᠨ  ᠪᠠᠶᠢᠭᠤᠯᠣᠭᠰᠠᠨ ᠪᠠᠶᠢᠨ᠎ᠠ᠃     ᠬᠠᠮᠤᠭ ᠡᠴᠦᠰ ᠤᠨ ᠨᠠᠷᠢᠨ ᠨᠢᠮᠪᠠᠢ ᠠᠳᠠᠯᠢᠳᠬᠠᠨ ᠰᠢᠯᠭᠠᠷᠠᠭᠤᠯᠬᠤ ᠪᠠᠷ ᠳᠡᠮᠵᠢᠨ᠂  ᠰᠠᠷᠠᠭᠤᠯᠲᠣᠶᠠᠭ᠎ᠠ ᠭᠠᠴᠠᠭᠠᠨ ᠤ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ  ᠬᠦᠷᠲᠡᠵᠤ᠂ ᠱᠠᠨᠳᠦ᠋ᠩ ᠤᠨ ᠲᠠᠢ ᠶᠢᠨ ᠤ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᡁᠢ ᠶᠧ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠬᠤᠶᠠᠳᠤᠭᠠᠷ ᠳᠡᠰ ᠤᠨ ᠱᠠᠩᠨᠠᠯ  ᠬᠦᠷᠲᠡᠵᠤ᠂ ᠣᠶ ᠰᠢᠭᠤᠢ ᠪᠠ ᠲᠠᠯ᠎ᠠ ᠨᠤᠲᠤᠭ ᠤᠨ ᠰᠢᠰᠲ᠋ᠧᠮ᠂ ᠪᠠᠶ᠋ᠬᠠᠤᠪᠤᠭᠠᠳᠣ ᠭᠠᠴᠠᠭ᠎ᠠ᠂  ᠢᠯᠠᠯᠲᠠ ᠭᠠᠴᠠᠭ᠎ᠠ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃     ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠠᠵᠢᠯᠲᠠᠨ ᠠᠵᠢᠯᠴᠢᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠥᠳᠡᠯᠮᠦᠷᠢ ᠶᠢᠨ ᠤᠷᠤᠯᠳᠤᠭᠠᠨ ᠢᠶᠠᠷ ᠲᠠᠪᠴᠠᠩ ᠪᠣᠯᠭᠠᠨ᠂ ᠠᠵᠢᠯᠲᠠᠨ ᠠᠵᠢᠯᠴᠢᠨ ᠤ ᠴᠤᠭ ᠵᠢᠪᠬᠤᠭ᠎ᠠ ᠶᠢ ᠢᠯᠡᠷᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠰᠠᠶᠢᠲᠤᠷ ᠬᠢᠬᠦ ᠳᠤ ᠥᠪᠡᠷ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠵᠣᠷᠢᠭᠤᠯᠪᠠ᠃ ᠰᠣᠷᠪᠣᠯᠵᠢᠯᠭ᠎ᠠ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋  ᠳᠣᠪᠴᠢᠶᠠᠨ ᠳᠠᠷᠤᠭ᠎ᠠ     ᠪᠠᠭᠠᠨ᠎ᠠ      ᠥᠨᠥᠳᠥᠷ ᠪᠢᠳᠡ  ᠬᠤᠰᠢᠭᠤ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ᠭᠤᠷᠪᠠᠨ ᠤᠮᠠᠷᠠᠲᠤ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠰᠬᠠᠢ ᠲᠥᠷᠥᠯ ᠤᠨ ᠬᠥᠳᠡᠯᠮᠦᠷᠢ ᠶᠢᠨ ᠤᠷᠤᠯᠳᠤᠭᠠᠨ ᠶᠢ ᠥᠷᠨᠢᠭᠦᠯᠵᠦ᠂ ᠨᠡᠶᠢᠳᠠ ᠶᠢᠰᠦᠨ ᠳᠣᠭᠤᠶᠢᠯᠠᠩ  ᠲᠤᠰ ᠣᠳᠠᠭᠠᠨ ᠤ ᠬᠥᠳᠡᠯᠮᠦᠷᠢ ᠶᠢᠨ ᠤᠷᠤᠯᠳᠤᠭᠠᠨ ᠳᠤ ᠣᠷᠣᠯᠴᠠᠵᠤ᠂ ᠪᠢᠳᠠ ᠡᠨᠡ ᠬᠦ ᠬᠥᠳᠡᠯᠮᠦᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ ᠥᠷᠭᠡᠨ ᠤᠯᠡᠠ ᠺᠠᠳ᠋ᠷ ᠠᠵᠢᠯᠲᠠᠨ ᠠᠵᠢᠯᠴᠢᠨ ᠢ ᠵᠣᠷᠢᠭᠵᠢᠭᠤᠯᠤᠨ ᠬᠤᠯᠠᠨ ᠰᠢᠷᠭ᠎ᠠ  ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ ᠵᠠᠰᠠᠬᠤ ᠡᠭᠦᠷᠭᠡ ᠳᠤ ᠣᠷᠣᠯᠴᠠᠭᠤᠯᠵᠤ᠂ ᠤᠯᠡᠠ ᠤ ᠲᠡᠮᠡᠴᠡᠯ ᠤᠨ ᠵᠣᠷᠢᠭ ᠢ ᠬᠥᠭᠵᠢᠭᠡᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠬᠤ  ᠬᠠᠯᠠᠭᠤᠨ ᠵᠣᠷᠢᠭ ᠢ ᠬᠥᠭᠵᠢᠭᠡᠵᠦ᠂ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ ᠶᠤᠮ᠃ ᠪᠢᠳᠡ  ᠲᠣᠰ  ᠣᠳᠠᠭᠠᠨ ᠤ ᠤᠷᠤᠯᠳᠤᠭᠠᠨ ᠢᠶᠠᠷ ᠳᠠᠮᠵᠢᠭᠠᠳ ᠪᠠᠰᠠ ᠤᠬᠠᠭᠤᠯᠭ᠎ᠠ ᠶᠢᠨ ᠲᠠᠯ᠎ᠠ ᠪᠠᠷ ᠮᠠᠰᠢ ᠰᠠᠶᠢᠨ ᠦᠷ᠎ᠡ ᠪᠦᠲᠦᠮᠵᠢ ᠣᠯᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号