ᠪᠠᠷᠠᠭᠤᠨ ᠦᠵᠦᠮᠦᠴᠢᠨ ᠬᠤᠰᠢᠭᠤ 2024 ᠣᠨ ᠤ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ  ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠦ᠋ ᠵᠦ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠪᠠ ᠬᠤᠶᠠᠷ ᠢ ᠬᠦᠷᠢᠶᠡᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠢ ᠬᠦᠷᠢᠶᠡᠯᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ ᠠᠵᠢᠯ ᠤᠨ ᠭᠤᠣᠯᠳᠠᠯᠭ᠎ᠠ᠂ ᠳᠦᠷᠢᠮ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠨ ᠠᠴᠠ ᠨᠢᠭᠡᠳᠦᠯᠲᠡᠢ ᠤᠳᠤᠷᠢᠳᠤᠭᠰᠠᠨ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠭᠤᠣᠯᠯᠠᠨ ᠠᠳᠬᠤᠭᠰᠠᠨ᠂ ᠡᠯ᠎ᠡ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠬᠤᠶᠠᠷ ᠲᠤ᠂ ᠠᠰᠠᠭᠤᠳᠠᠯ ᠳᠤ ᠴᠢᠭᠯᠡᠭᠦᠯᠬᠦ ᠶᠢ ᠪᠠᠷᠢᠮᠲᠠᠯᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠨᠠᠶᠢᠳᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠬᠤ᠂ ᠠᠵᠢᠯ ᠣᠯᠭᠤᠯᠲᠠ ᠪᠠ ᠠᠳᠠᠯ ᠦᠢᠯᠡᠰ ᠴᠣᠭᠴᠠᠯᠠᠬᠤ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠢ ᠪᠣᠳᠠᠲᠠᠶᠢᠵᠢᠭᠤᠯᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ ᠭᠤᠷᠪᠠ ᠳᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠲᠤ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠪᠣᠯᠣᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ  ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号