ᠪᠠᠷᠠᠭᠤᠨ ᠦᠵᠦᠮᠦᠴᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠨᠢ 2023 ᠤᠨ —2024 ᠤᠨ ᠤ《ᠬᠠᠮᠤᠭ ᠭᠤᠶᠤ ᠭᠡᠷ ᠪᠦᠯᠢ》 ᠶᠢᠨ ᠦᠯᠢᠭᠡᠷ ᠤᠨ ᠬᠤᠪᠢᠶᠠᠯᠴᠠᠯᠭ᠎ᠠ ᠶᠢᠨ ᠰᠠᠭᠤᠳᠠᠯ ᠤᠨ ᠬᠤᠷᠠᠯ ᠦᠷᠨᠢᠬᠦᠯᠦᠯ᠎ᠡ
ᠨᠡᠶᠢᠲᠡᠯᠡᠭᠰᠡᠨ ᠴᠠᠭ᠄
2024/9/2
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ 2023 ᠤᠨ ︱ 2024 ᠣᠨ ᠤ ︽ᠬᠠᠮᠤᠭ ᠤᠨ ᠭᠤᠶᠣ ᠭᠡᠷ ᠪᠦᠯᠢ︾ ᠶᠢᠨ ᠥᠯᠢᠭᠡᠷ ᠤᠨ ᠬᠤᠪᠢᠶᠠᠯᠴᠠᠯᠭ᠎ᠠ ᠶᠢᠨ ᠬᠤᠷᠠᠯ ᠢ ᠦᠷᠨᠢᠬᠦᠯᠦᠯ᠎ᠡ᠃ ᠡᠯ᠎ᠡ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ᠂ ᠡᠯ᠎ᠡ ᠱᠠᠲᠤᠨ ᠤ ︽ᠬᠠᠮᠤᠭ ᠭᠤᠶᠣ ᠭᠡᠷ ᠪᠦᠯᠢ︾᠂ ︽ᠬᠠᠮᠤᠭ ᠭᠤᠶᠤ ᠡᠨᠡᠷᠢᠩᠭᠦᠢ ᠠᠨᠢᠶ᠎ᠠ︾  ᠨᠠᠷ ᠤᠨ ᠲᠥᠯᠥᠭᠡᠯᠡᠭᠴᠢ᠂ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ᠪᠥᠬᠦ ᠺᠠᠳ᠋ᠷ ᠠᠵᠢᠯᠲᠠᠨ ᠨᠡᠶᠢᠲᠡ 68 ᠬᠥᠮᠥᠨ ᠣᠷᠣᠯᠴᠠᠵᠠᠢ᠃     ᠬᠤᠪᠢᠶᠠᠯᠴᠠᠯᠭ᠎ᠠ ᠶᠢᠨ ᠬᠤᠷᠠᠯ ᠳᠤ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ᠂ ᠪᠥᠬᠦ ᠬᠤᠰᠢᠭᠤᠨ ᠤ ︽ᠬᠠᠮᠤᠭ ᠭᠤᠶᠣ ᠭᠡᠷ ᠪᠦᠯᠢ︾᠂ ︽ᠬᠠᠮᠤᠭ ᠭᠤᠶᠤ ᠡᠨᠡᠷᠢᠩᠭᠦᠢ ᠠᠨᠢᠶ᠎ᠠ︾ ᠶᠢᠨ ᠲᠥᠯᠥᠭᠡᠯᠡᠭᠴᠢ ᠪᠤᠯᠬᠤ ᠨᠠᠷᠠᠰᠤ᠂ ᠭᠣ ᠰᠤᠶᠤᠯᠳᠤ · ᠨᠠᠪᠴᠢ᠂ ᠯᠢᠦ ᠴᠦᠨ ᠬᠤᠸᠠ᠂ ᠬᠦᠦᠳᠡᠭᠦᠳᠤ ᠨᠠᠷ ᠠᠴᠠ ᠬᠠᠮᠤᠭ ᠭᠤᠶᠤ ᠭᠡᠷ ᠪᠦᠯᠢ ᠶᠢᠨ ᠦᠯᠢᠭᠡᠷ ᠤᠨ ᠬᠤᠪᠢᠶᠠᠯᠴᠠᠯᠭ᠎ᠠ ᠦᠷᠨᠢᠬᠦᠯᠵᠦ᠂ ᠭᠡᠷ ᠪᠦᠯᠢ ᠶᠢᠨ ᠰᠢᠯᠢᠳᠡᠭ ᠰᠠᠶᠢᠬᠠᠨ ᠰᠤᠷᠳᠠᠯ ᠰᠤᠷᠭᠠᠯ ᠢᠶᠠᠷ ᠲᠠᠮᠵᠢᠭᠤᠯᠤᠨ᠂ ᠨᠡᠩ ᠤᠯᠠᠨ ᠭᠡᠷ ᠪᠦᠯᠢ ᠶᠢ ᠨᠦᠯᠦᠭᠡᠯᠡᠨ ᠲᠠᠶᠢᠴᠢᠯᠠᠨ ᠲᠠᠭᠠᠭᠤᠯᠵᠤ᠂ ᠭᠡᠷ ᠪᠦᠯᠢ ᠶᠢᠨ ᠬᠦᠴᠦᠨ ᠢᠶᠠᠷ ᠡᠶ᠎ᠡ ᠵᠤᠬᠢᠴᠠᠯᠳᠤ ᠨᠡᠶᠢᠬᠡᠮ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ ᠬᠡᠵᠦ ᠢᠯᠡᠷᠬᠡᠶᠢᠯᠡᠵᠠᠢ᠃    ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠳᠠᠠᠬᠤᠸᠠᠷ ᠵᠢᠭᠠᠬᠤ ᠳᠠᠭᠠᠨ᠂ ᠥᠷᠭᠡᠨ ᠣᠯᠠᠨ ᠭᠡᠷ ᠪᠦᠯᠢ ᠶᠢᠨ ᠬᠢᠨ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠪᠥᠬᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠬᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ  ᠨᠢ ᠭᠡᠷ ᠪᠦᠯᠢ ᠪᠣᠯᠣᠨ ᠨᠡᠶᠢᠭᠡᠮ ᠤᠨ ᠪᠣᠯᠪᠠᠰᠤᠨ ᠢ ᠡᠭᠦᠳᠦᠨ ᠪᠠᠶᠢᠭᠤᠯᠬᠤ ᠳᠤᠮᠳᠠᠬᠢ ᠥᠪᠡᠷᠮᠢᠴᠡ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠶᠡᠭᠡ ᠲᠠᠯ᠎ᠠ ᠳᠤ ᠦᠢᠯᠡᠴᠢᠯᠡᠬᠦ᠂ ᠡᠮᠡᠭᠲᠡᠶᠢᠴᠦᠳ ᠬᠡᠦᠬᠡᠳ ᠲᠤ ᠦᠢᠯᠡᠴᠢᠯᠡᠬᠦ ᠴᠢᠬᠤᠯᠠ ᠬᠦᠴᠦᠯᠡᠬᠦ ᠴᠡᠭ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠩᠬᠠᠷᠴᠤ᠂ ᠭᠡᠷ ᠪᠦᠯᠢ ᠶᠢᠨ ᠡᠶ᠎ᠡ ᠵᠣᠬᠢᠴᠠᠯ ᠲᠠᠢ ᠵᠣᠯ ᠵᠢᠷᠭᠠᠯ ᠲᠠᠢ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ︽ᠭᠡᠷ ᠪᠦᠯᠢ ︾ ᠶᠢᠨ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃    ᠳᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠲᠣᠭᠤᠷᠢᠨ ᠳᠤ᠂ ᠭᠡᠷ ᠪᠦᠯᠢ ᠶᠢᠨ ᠭᠤᠣᠯ ᠵᠢᠭᠰᠠᠭᠠᠯ ᠤᠨ ᠭᠠᠵᠠᠷ ᠲᠤ ᠰᠠᠭᠤᠷᠢᠯᠠᠨ᠂ ᠨᠡᠩ ᠤᠯᠠᠨ ᠭᠡᠷ ᠪᠦᠯᠢ ᠶᠢᠨ ᠭᠡᠷ ᠤᠨ ᠰᠤᠷᠭᠠᠯ ᠢ ᠡᠷᠬᠢᠮᠯᠡᠬᠦ᠂ ᠭᠡᠷ ᠤᠨ ᠰᠤᠷᠲᠠᠯ ᠢ ᠬᠦᠮᠦᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠪᠣᠯᠣᠨ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢ ᠬᠦᠳᠦᠯᠦᠨ ᠲᠠᠭᠠᠭᠤᠯᠵᠤ᠂ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠬᠡᠦᠬᠡᠳ ᠤᠨ ᠡᠷᠬᠡ ᠠᠰᠢᠭ ᠤᠨ ᠰᠠᠬᠢᠨ ᠬᠠᠮᠠᠭᠠᠯᠠᠭᠴᠢ᠂ ᠬᠡᠦᠬᠡᠳ ᠤᠨ ᠢᠷᠡᠭᠡᠳᠦᠢ ᠶᠢᠨ ᠬᠦᠰᠡᠯ ᠤᠨ ᠲᠡᠷᠭᠡᠯᠰᠢᠭᠦᠯᠦᠭᠴᠢ ᠪᠣᠯᠵᠤ᠂ ᠰᠠᠶᠢᠨ ᠰᠠᠶᠢᠬᠠᠨ ᠭᠡᠷ ᠪᠦᠯᠢ ᠶᠢᠨ ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠬᠤ ᠪᠠᠷ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号