ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠡᠬᠢᠯᠡᠵᠦ᠂ ᠥᠷᠭᠡᠨ ᠣᠯᠠᠨ ᠪᠠᠭᠰᠢ ᠰᠤᠷᠤᠭᠴᠢᠳ ᠴᠣ᠋ ᠰᠢᠨ᠎ᠡ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠰᠣᠷᠣᠯᠭ᠎ᠠ ᠶᠢᠨ ᠬᠤᠭᠤᠴᠠᠭ᠎ᠠ ᠪᠠᠨ ᠣᠭᠳᠣᠯ᠎ᠠ᠃     ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠣᠶᠢᠯᠠᠭᠠᠭᠰᠠᠨ ᠢᠶᠠᠷ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠡᠯ᠎ᠡ ᠰᠤᠷᠭᠠᠭᠤᠯᠢ ᠶᠢᠨ ᠬᠢᠨ ᠰᠤᠷᠭᠠᠭᠤᠯᠢ ᠡᠬᠢᠯᠡᠬᠦ ᠶᠣᠰᠣᠯᠠᠯ ᠶᠠᠪᠣᠭᠳᠠᠭᠤᠯᠵᠣ᠂ ᠰᠣᠨᠢᠷᠬᠠᠯᠲᠠᠢ ᠠᠩᠬᠠᠨ ᠤ ᠬᠢᠴᠢᠶᠡᠯ ᠢᠶᠠᠷ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢᠨ ᠠᠮᠢᠳᠤᠷᠠᠯ ᠢ ᠡᠬᠢᠯᠡᠭᠦᠯᠦᠭᠰᠡᠨ ᠪᠠᠶᠢᠨ᠎ᠠ᠃ ᠥᠷᠯᠥᠭᠡ ᠶᠢᠨ 8 ᠴᠠᠭ ᠲᠤ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠳᠠᠭᠠᠨ ᠢᠷᠡᠵᠡᠭᠡᠵᠦ᠂ ᠬᠢᠴᠢᠶᠡᠯ ᠤᠨ ᠭᠡᠷ ᠢᠶᠠᠨ ᠡᠬᠢᠯᠡᠨ ᠴᠡᠪᠡᠷᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠭᠠᠭᠤᠯᠢ ᠠᠴᠠ ᠪᠠᠰᠠ ᠰᠤᠷᠤᠭᠴᠢᠳ ᠲᠠᠭᠠᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠪᠡᠯᠡᠳᠬᠡᠵᠦ᠂ ᠣᠯᠠᠨ ᠢ ᠬᠠᠪᠰᠤᠷᠤᠨ ᠰᠡᠳᠬᠢᠴᠡ ᠶᠢᠨ ᠪᠠᠶᠢᠳᠠᠯ ᠢ ᠨᠢ ᠲᠣᠬᠢᠷᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠬᠤ ᠬᠠᠷᠠᠯᠲᠠ ᠪᠠ ᠲᠥᠯᠥᠪᠯᠡᠭᠡ ᠶᠢ ᠲᠣᠭᠲᠠᠭᠠᠨ ᠥᠭᠴᠦ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠪᠠ᠃      ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠡᠷᠢ ᠲᠡᠭᠰᠢ ᠡᠮᠦᠰᠴᠦ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠶᠣᠰᠣᠯᠠᠯ ᠨᠢ ᠤᠯᠤᠰ ᠤᠨ ᠰᠦᠯᠳᠡ ᠳᠠᠭᠤᠤ ᠶᠢᠨ ᠳᠣᠮᠳᠠ ᠬᠥᠰᠢᠭᠡ   ᠪᠠᠨ ᠰᠡᠬᠦᠵᠦ᠂ ᠪᠦᠬᠦ ᠪᠠᠭᠰᠢ ᠰᠤᠷᠤᠭᠴᠢᠳ ᠤᠯᠤᠰ ᠤᠨ ᠲᠤᠭ ᠤᠨ ᠡᠮᠦᠨ᠎ᠡ ᠲᠥᠪ ᠵᠣᠭᠰᠣᠵᠤ᠂ ᠡᠷᠬᠢᠮ ᠳᠡᠭᠡᠳᠦ ᠬᠦᠨᠳᠦᠳᠬᠡᠯ ᠢ ᠡᠪᠦᠷᠯᠡᠨ ᠨᠠᠮᠢᠷᠠᠨ ᠮᠠᠨᠳᠤᠵᠤ ᠪᠠᠶᠢᠭ᠎ᠠ ᠤᠯᠤᠰ ᠤᠨ ᠲᠤᠭ ᠢ ᠰᠢᠷᠳᠡᠵᠦ᠂ ᠪᠠᠭᠰᠢ ᠨᠠᠷ ᠤᠨ ᠲᠥᠯᠥᠭᠡᠯᠡᠭᠴᠢ ᠪᠣᠯᠣᠨ ᠰᠤᠷᠤᠭᠴᠢᠳ ᠤᠨ ᠲᠥᠯᠥᠭᠡᠯᠡᠭᠴᠢ ᠠᠴᠠ ᠲᠤᠰ ᠲᠤᠰ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ ᠬᠢᠭᠰᠡᠨ ᠪᠥᠭᠡᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ  ᠬᠠᠷᠠᠯᠳᠠ ᠪᠠᠨ ᠳᠣᠷᠠᠳᠣᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠣᠷᠣᠭᠴᠢ    ᠴᠧᠨ ᠯᠦ᠄ ︽ᠪᠢ ᠪᠣᠯ ᠪᠠᠷᠠᠭᠤᠨ ᠦᠵᠦᠮᠦᠴᠢᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠳᠥᠷᠪᠡᠳᠦᠭᠡᠷ ᠠᠩᠭᠢ ᠶᠢᠨ ᠴᠧᠨ ᠯᠦ ᠪᠣᠯᠣᠨ᠎ᠠ᠃ ᠠᠮᠠᠷᠠᠯᠲᠠ ᠶᠢᠨ ᠬᠤᠭᠤᠴᠠᠭᠠᠨ ᠳᠤ ᠪᠢ ᠤᠯᠠᠭᠠᠨᠬᠠᠳᠠ ᠶᠢᠨ ᠲᠦᠷᠪᠡᠨ ᠮᠦᠽᠧᠢ ᠶᠢ ᠲᠣᠭᠤᠷᠢᠨ ᠦᠵᠡᠵᠦ᠂ ᠲᠡᠭᠦᠨ ᠤ ᠳᠤᠮᠳᠠ ᠠᠴᠠ ᠮᠠᠨ ᠤ ᠤᠯᠤᠰ ᠤᠨ ᠡᠷᠲᠡᠨ ᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ ᠶᠢ ᠮᠡᠳᠡᠷᠡᠵᠦ᠂ ᠮᠠᠰᠢ ᠤᠯᠠᠨ ᠬᠠᠰ ᠡᠳ᠋ᠯᠡᠯ ᠢ ᠰᠣᠨᠢᠷᠬᠠᠪᠠ᠃ ᠡᠭᠦᠨ ᠠᠴᠠ ᠭᠠᠳᠠᠨ᠎ᠠ ᠪᠢ ᠪᠠᠰᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠵᠤ᠂ ᠨᠡᠶᠢᠭᠡᠮ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠨᠢᠭᠡᠨᠲᠡ ᠳᠠᠭᠤᠰᠴᠣ᠂ ᠤᠳᠤ ᠪᠢ ᠨᠢᠭᠡᠨᠲᠡ ᠵᠢᠷᠭᠤᠳᠤᠭᠠᠷ ᠣᠨ ᠳᠤ ᠳᠡᠪᠰᠢᠪᠡ᠃ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠠᠨ ᠪᠢ ᠢᠯᠡᠭᠦᠬᠡᠨ ᠨᠣᠮ ᠪᠢᠴᠢᠭ ᠤᠩᠰᠢᠵᠤ᠂ ᠨᠣᠮ ᠢᠶᠠᠨ ᠰᠠᠶᠢᠨ ᠰᠤᠷᠴᠤ᠂ ᠮᠠᠭᠤ ᠳᠠᠳᠬᠠᠯ ᠢᠶᠠᠨ ᠬᠠᠯᠠᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号