ᠪᠠᠷᠠᠭᠤᠨ ᠦᠵᠦᠮᠦᠴᠢᠨ ᠬᠤᠰᠢᠭᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ  ᠶᠢ ᠡᠬᠢᠯᠡᠵᠦ ᠪᠠᠶᠢᠭᠤᠯᠥᠯ᠎ᠠ
ᠨᠡᠶᠢᠲᠡᠯᠡᠭᠰᠡᠨ ᠴᠠᠭ᠄
2024/9/20
   ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠯᠦᠭᠯᠡᠯ ᠳᠤ ᠬᠠᠷᠢᠶᠠᠯᠠᠭᠳᠠᠬᠤ ᠮᠧᠩ ᠮᠠ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠠᠮᠳᠤᠷᠠᠵᠦ᠂ ︽ᠶᠡᠭᠡ ᠲᠠᠯ᠎ᠠ ᠳᠤ ᠦᠶᠯᠡᠴᠢᠯᠡᠨ᠂ ᠬᠥᠭᠵᠢᠯᠲᠡ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ︾ ᠵᠠᠷᠴᠢᠮ ᠶᠣᠰᠣᠭᠠᠷ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ  ᠦᠷᠳᠡᠭᠡᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ  ᠠᠬᠢᠭᠤᠯᠵᠦ ᠪᠤᠢ᠃    ᠮᠠᠨ ᠤ ᠬᠤᠰᠢᠭᠤ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠷᠳᠡᠭᠡ ᠶᠢ ᠲᠤᠰ ᠪᠦᠷᠢ ᠪᠠᠷᠠᠭᠤᠨ ᠦᠵᠦᠮᠦᠴᠢᠨ ᠬᠤᠰᠢᠭᠤᠨ ᠤ ᠬᠡᠤᠬᠡᠳ ᠤᠨ ᠴᠡᠴᠡᠷᠯᠢᠭ ᠤᠨ ᠡᠰᠡᠷᠭᠦ ᠲᠠᠯ᠎ᠠ ᠶᠢᠨ ᠲᠡᠷᠭᠡᠨ ᠵᠣᠭᠰᠣᠭᠠᠯ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ︵ᠤᠤᠯ ᠤᠨ ᠵᠠᠮ ᠲᠡᠭᠡᠭᠡᠪᠦᠷᠢ ᠶᠢᠨ ᠲᠣᠪᠴᠢᠶ᠎ᠠ︶ ᠤᠨ ᠲᠡᠷᠭᠡᠨ ᠵᠣᠭᠰᠣᠭᠠᠯ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠤᠮᠧᠷᠲᠦ ᠵᠠᠰᠠᠮᠠᠯ ᠵᠠᠮ︾ ︵G207︶ ᠤᠨ ᠡᠬᠢᠯᠡᠯᠲᠡ ᠶᠢᠨ ᠴᠡᠭ ᠤᠨ ᠲᠡᠷᠭᠡᠨ ᠵᠣᠭᠰᠣᠭᠠᠯ  ᠳᠤ  ᠨᠡᠶᠢᠲᠡ 3 ᠰᠠᠭᠤᠷᠢ ᠪᠠᠶᠢᠭᠤᠯᠵᠤ᠂ ᠦᠷᠳᠡᠭᠡ ᠪᠦᠷᠢ12 ᠲᠦᠷᠭᠡᠨ ᠴᠡᠨᠡᠭᠯᠡᠬᠦ ᠫᠤᠤ᠂ ᠨᠡᠶᠢᠲᠡ 36 ᠴᠠᠬᠢᠯᠭᠠᠨ ᠴᠡᠨᠡᠭᠯᠡᠬᠦ ᠫᠤᠤ  ᠲᠤᠬᠢᠷᠠᠭᠤᠯᠵᠦ᠂ ᠥᠷᠲᠡᠭᠡ ᠪᠦᠷᠢ ᠶᠢᠨ ᠴᠢᠳᠠᠮᠵᠢ ᠨᠢ 480 ᠺᠢᠯᠣᠸᠠᠲ ᠪᠤᠯᠥᠨ᠎ᠠ᠃ ᠲᠣᠰ ᠲᠥᠷᠥᠯ ᠤᠨ ᠪᠥᠲᠥᠭᠡᠨ ᠪᠠᠶᠢᠭᠤᠯᠤᠯᠲᠠ  ᠨᠢ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠪᠠᠷ ᠰᠢᠲᠠᠭᠠᠯᠭ᠎ᠠ ᠶᠢᠨ ᠲᠣᠰᠣᠨ ᠤ ᠲᠡᠷᠭᠡ ᠶᠢ ᠣᠷᠣᠯᠠᠭᠤᠯᠬᠤ ᠠᠯᠬᠤᠴᠠ ᠶᠢ ᠳᠥᠯᠭᠢᠨ ᠠᠬᠢᠭᠤᠯᠵᠤ᠂ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠬᠦ ᠪᠣᠯᠤᠨ᠎ᠠ᠃ ᠡᠭᠦᠨ ᠤ ᠬᠠᠮᠲᠤ᠂ ᠠᠷᠠᠳ ᠣᠯᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠵᠢᠭᠤᠯᠴᠢᠯᠠᠭᠴᠢᠳ ᠲᠤ ᠨᠡᠩ ᠲᠦᠭᠦᠮ ᠦᠵᠡᠭᠦᠯᠵᠦ᠂ ᠮᠠᠨ ᠤ ᠬᠤᠰᠢᠭᠤᠨ ᠤ ᠵᠢᠭᠤᠯᠴᠢᠯᠠᠯ  ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠥᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号