ᠪᠠᠷᠠᠭᠤᠨ ᠦᠵᠦᠮᠦᠴᠢᠨ ᠬᠤᠰᠢᠭᠤ 2024 ᠣᠨ ᠤ ᠳᠣᠣᠷ᠎ᠠ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/20
    9 ᠰᠠᠷ᠎ᠠ ᠶᠢᠨ 18 ᠤ ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ  ᠬᠤᠰᠢᠭᠤ ᠨᠠᠮ  ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠲᠠᠢ ᠬᠠᠮᠲᠤᠷᠠᠨ ︽2024 ᠣᠨ ᠤ ᠳᠣᠣᠷ᠎ᠠ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ︾ ᠵᠢᠴᠢ ︽9.18︾ ᠢ ᠳᠤᠷᠠᠰᠬᠠᠬᠤ ᠠᠵᠢᠯᠯᠠᠭ᠎ᠠ ᠥᠷᠨᠢᠭᠦᠯᠵᠦ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ 40 ᠰᠣᠷᠣᠭᠴᠢ᠂ ᠴᠡᠷᠢᠭ ᠲᠤ ᠡᠯᠰᠡᠭᠳᠡᠭᠰᠡᠨ ᠪᠥᠬᠦ ᠰᠢᠨ᠎ᠡ ᠴᠡᠷᠢᠭ ᠵᠢᠴᠢ ᠰᠢᠨ᠎ᠡ ᠴᠡᠷᠢᠭ ᠤᠨ ᠭᠡᠷ ᠤᠨ ᠠᠬᠠᠮᠠᠳ ᠠᠵᠢᠯᠯᠠᠭ᠎ᠠ ᠳᠤ ᠣᠷᠣᠯᠴᠠᠵᠠᠢ᠃     ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠡᠬᠢᠯᠡᠬᠦ ᠠᠴᠠ ᠡᠮᠦᠨ᠎ᠡ᠂ ᠪᠦᠭᠦᠳᠡᠭᠡᠷ ᠢᠶᠠᠨ ᠪᠣᠰᠴᠤ ᠵᠣᠭᠰᠣᠨ ᠮᠠᠯᠠᠭᠠᠢ ᠪᠠᠨ ᠠᠪᠴᠤ ᠶᠠᠫᠤᠨ ᠢ ᠡᠰᠡᠷᠭᠦᠴᠡᠬᠦ ᠲᠠᠶᠢᠨ ᠳᠤ ᠦᠷᠡᠭᠳᠡᠭᠰᠡᠨ ᠪᠠᠭᠠᠲᠤᠷᠴᠤᠳ ᠪᠣᠯᠣᠨ ᠪᠡᠶ᠎ᠡ ᠦᠷᠡᠭᠳᠡᠭᠰᠡᠨ ᠡᠬᠡ ᠣᠷᠣᠨᠴᠢ ᠠᠷᠠᠳ ᠲᠦᠮᠡᠨ ᠢ ᠳᠤᠷᠠᠰᠬᠠᠨ  ᠬᠥᠨᠳᠥᠳᠬᠡᠯ ᠢᠯᠡᠷᠬᠡᠶᠢᠯᠡᠪᠡ᠃ ᠰᠢᠨ᠎ᠡ ᠴᠡᠷᠢᠭ ᠢ ᠦᠳᠡᠨ ᠮᠣᠷᠳᠠᠭᠤᠯᠬᠤ ᠲᠤᠬᠠᠢ ᠶᠢᠨ ᠲᠠᠯᠠᠪᠠᠶ ᠳᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠠᠩ ᠴᠢᠩ ᠬᠤᠸᠠ ᠴᠡᠷᠢᠭ ᠲᠤ ᠡᠯᠰᠡᠭᠳᠡᠭᠰᠡᠳ ᠤᠨ ᠨᠡᠷᠡᠰ ᠵᠢᠴᠢ ᠣᠴᠢᠬᠤ ᠭᠠᠵᠠᠷ ᠢ ᠨᠡᠶᠢᠲᠡᠯᠡᠪᠡ᠃ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠲᠥᠯᠥᠭᠡᠯᠡᠭᠴᠢ ᠠᠴᠠ ᠰᠢᠨ᠎ᠡ ᠴᠡᠷᠢᠭ ᠲᠤ ᠤᠯᠠᠭᠠᠨ ᠴᠡᠴᠡᠭ ᠵᠡᠭᠦᠯᠭᠡᠵᠦ᠂ ᠰᠢᠨ᠎ᠡ ᠴᠡᠷᠢᠭ ᠬᠠᠮᠲᠤ ᠪᠠᠷ ᠲᠠᠩᠭᠠᠷᠢᠭᠯᠠᠬᠤ ᠶᠢᠨ ᠬᠠᠮᠲᠤ ᠭᠠᠷ ᠤᠨ ᠥᠰᠥᠭ ᠵᠢᠷᠤᠵᠤ ᠳᠤᠷᠠᠰᠬᠠᠯ ᠦᠯᠡᠳᠡᠭᠡᠪᠡ᠃ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠰᠢᠨ᠎ᠡ ᠴᠡᠷᠢᠭ ᠲᠤ ᠳᠤᠷᠠᠰᠬᠠᠯ ᠤᠨ ᠪᠣᠳᠠᠰ ᠬᠦᠷᠭᠡᠭᠰᠡᠨ ᠪᠥᠭᠡᠳ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠵᠡᠢ᠃ ᠰᠢᠨ᠎ᠡ ᠴᠡᠷᠢᠭ ᠤᠨ ᠲᠥᠯᠥᠭᠡᠯᠡᠭᠴᠢ ᠵᠢᠴᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠠᠮᠤᠭ ᠰᠡᠭᠦᠯ ᠳᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠠᠩ ᠴᠢᠩ ᠬᠤᠸᠠ ᠢᠲᠡᠭᠡᠯ ᠵᠣᠷᠢᠭ ᠢᠶᠠᠨ ᠪᠠᠲᠤᠳᠬᠠᠬᠤ᠂ ᠤᠭ ᠰᠠᠨᠠᠭ᠎ᠠ ᠪᠠᠨ ᠪᠠᠲᠤ ᠴᠡᠭᠡᠵᠢᠯᠡᠬᠦ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠬᠤ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠳᠦᠷᠢ ᠲᠥᠷᠬᠦ ᠪᠠᠨ ᠱᠤᠭᠤᠬᠤ᠂ ᠴᠠᠭ ᠮᠥᠴᠡ ᠪᠠᠨ ᠨᠠᠨᠳᠢᠩᠨᠠᠬᠤ᠂ ᠵᠠᠯᠠᠭᠤ ᠨᠠᠰᠤ ᠪᠠᠨ ᠦᠯᠦ ᠬᠥᠰᠡᠷᠳᠡᠭᠦᠯᠬᠦ ᠵᠡᠷᠭᠡ ᠲᠠᠯ᠎ᠠ ᠪᠠᠷ ᠬᠦᠰᠡᠯ ᠱᠠᠭᠠᠷᠳᠠᠯᠭ᠎ᠠ ᠪᠠᠨ ᠳᠤᠷᠠᠳᠴᠠᠢ᠃     ᠶᠣᠰᠣᠯᠠᠯ ᠤᠨ ᠳᠠᠷᠠᠭ᠎ᠠ᠂ ᠬᠤᠰᠢᠭᠤ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠤᠯᠤᠰ ᠢᠶᠠᠨ ᠬᠠᠶᠢᠷᠠᠯᠠᠬᠤ ᠦᠵᠡᠯ ᠤᠨ ᠲᠤᠬᠠᠢ ᠬᠢᠴᠢᠶᠡᠯ ᠣᠷᠣᠵᠤ᠂ ᠪᠥᠬᠦ ᠬᠥᠮᠥᠰ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠰᠣᠶᠣᠯ ᠤᠨ ᠤᠬᠠᠭᠤᠯᠭ᠎ᠠ ᠶᠢᠨ ᠦᠵᠡᠭᠦᠯᠦᠯᠭᠡ ᠶᠢ ᠲᠣᠭᠤᠷᠢᠨ ᠦᠵᠡᠪᠡ᠃     ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠬᠢᠨ ᠪᠠ ᠥᠷᠭᠡᠨ ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠢ ᠳᠡᠮᠵᠢᠬᠦ ᠪᠠ ᠰᠢᠨ᠎ᠡ ᠴᠡᠷᠢᠭ ᠢ ᠬᠠᠯᠠᠮᠵᠢᠯᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠥᠷᠭᠡᠨ ᠣᠯᠠᠨ ᠵᠠᠯᠠᠭᠤᠴᠤᠳ ᠤᠨ ᠴᠡᠷᠢᠭ ᠠᠩᠭᠢ ᠳᠤ ᠣᠷᠣᠯᠴᠠᠬᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠬᠠᠯᠠᠭᠤᠨ ᠰᠡᠳᠬᠢᠯᠭᠡ ᠶᠢ ᠬᠥᠭᠵᠢᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号