ᠪᠠᠷᠠᠭᠤᠨ ᠦᠵᠦᠮᠦᠴᠢᠨ ᠬᠤᠰᠢᠭᠤ ︽ᠲᠤᠯᠠᠭᠠᠯᠠᠭ᠎ᠠ ᠶᠢᠨ ᠢᠨᠵᠧᠨᠧᠷᠢᠩ︾ ᠢ ᠪᠥᠬᠦ ᠲᠠᠯ᠎ᠠ ᠪᠠᠷ ᠳᠠᠭᠤᠰᠬᠠᠪᠠ
ᠨᠡᠶᠢᠲᠡᠯᠡᠭᠰᠡᠨ ᠴᠠᠭ᠄
2024/9/20
   ︽ᠲᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ︽ᠵᠢᠷᠭᠤᠭᠠᠨ ᠢᠨᠵᠧᠨᠧᠷᠢᠩ︾ ᠤᠨ ᠨᠢᠭᠡ᠂ ᠮᠦᠨᠴᠦ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ 2024 ᠤᠨ ᠳᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠲᠤᠯᠠᠭᠠᠯᠠᠭ᠎ᠠ ᠶᠢᠨ ᠢᠨᠵᠧᠨᠧᠷᠢᠩ︾ ᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠨᠠᠷᠢᠨ  ᠲᠣᠭᠲᠠᠭᠠᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠪᠠᠨ ᠴᠢᠩᠭᠠᠳᠬᠠᠨ᠂ ᠪᠠᠯᠠ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠪᠠ ᠬᠢᠨᠠᠨ‌ᠵᠢᠯᠣᠭᠤᠳᠬᠤ ᠪᠠᠨ ᠴᠢᠩᠭᠠᠳᠬᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠢᠯᠴᠢ ᠬᠠᠩᠭᠠᠬᠤ ᠬᠦᠷᠢᠶ᠎ᠡ ᠬᠡᠪᠴᠢᠶᠡᠨ ᠳᠠᠬᠢ ᠬᠦᠴᠢᠷ ᠠᠰᠠᠭᠤᠳᠠᠯ ᠢ  ᠰᠢᠢᠳᠪᠦᠷᠢᠯᠡᠵᠦ᠂ ᠣᠳᠣᠬᠠᠨ ᠳᠤ ᠪᠠᠷᠠᠭᠤᠨ ᠦᠵᠦᠮᠦᠴᠢᠨ ᠬᠤᠰᠢᠭᠤ ᠨᠢ ︽ᠲᠤᠯᠠᠭᠠᠯᠠᠭ᠎ᠠ ᠶᠢᠨ ᠢᠨᠵᠧᠨᠧᠷᠢᠩ︾ ᠢ ᠪᠥᠬᠦ ᠲᠠᠯ᠎ᠠ ᠪᠠᠷ ᠳᠠᠭᠤᠰᠬᠠᠪᠠ᠃     ᠤᠶᠢᠷ᠎ᠠ ᠶᠢᠨ ᠡᠳᠦᠷ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ  ᠪᠠᠯᠭᠠᠷᠭᠤᠤᠯ ᠪᠠᠯᠭᠠᠰᠤᠨ ᠤ ᠴᠠᠶᠢᠳᠠᠮ ᠵᠠᠮ ᠪᠣᠯᠤᠨ ᠭᠤᠷᠣᠬᠠᠨ ᠵᠡᠭᠡᠯᠢ ᠶᠢᠨ ᠠᠭᠤᠯᠵᠠᠷ ᠲᠤ ᠬᠦᠷᠬᠦ ᠳᠤ᠂ ᠢᠯᠴᠢ ᠬᠠᠩᠭᠠᠬᠤ ᠬᠤᠭᠤᠯᠠᠶ ᠶᠢᠨ ᠲᠤᠤᠷ ᠤᠨ ᠥᠭᠡᠷᠡᠴᠢᠯᠡᠯᠲᠡ ᠶᠢᠨ ᠲᠥᠷᠥᠯ ᠵᠦᠶᠯ ᠨᠢᠭᠡᠨᠲᠡ ᠪᠠᠷᠢᠯᠭ᠎ᠠ ᠳᠠᠭᠤᠰᠴᠤ᠂ ᠵᠡᠭᠡᠯᠢ ᠭᠤᠳᠤᠮᠵᠢ ᠶᠢᠨ ᠵᠠᠮ ᠢ ᠴᠦ ᠰᠢᠨ᠎ᠡ ᠪᠠᠷ ᠲᠡᠪᠢᠰᠴᠦ ᠲᠠᠭᠤᠰᠬᠠᠭᠰᠠᠨ ᠪᠠᠶᠢᠯ᠎ᠠ᠃     ᠲᠤᠯᠠᠭᠠᠯᠠᠭ᠎ᠠ ᠶᠢᠨ ᠲᠠᠯ᠎ᠠ ᠪᠠᠷ ᠤᠷᠤᠰᠢᠵᠦ ᠪᠠᠶᠢᠭ᠎ᠠ ᠪᠤᠲᠠᠲᠤ ᠠᠰᠠᠭᠤᠳᠠᠯ ᠢ ᠭᠦᠢᠴᠡᠳ ᠰᠢᠶᠳᠪᠦᠷᠢᠯᠡᠬᠦ ᠶᠢᠨ ᠲᠣᠰᠠᠳᠠ᠂ ᠪᠠᠷᠠᠭᠤᠨ ᠦᠵᠦᠮᠦᠴᠢᠨ ᠬᠤᠰᠢᠭᠤ ᠨᠢ ᠥᠩᠭᠡᠷᠡᠭᠰᠡᠨ ᠵᠢᠯ ᠤᠳ ᠤᠨ ︽12345︾ ᠤᠲᠠᠰᠤ ᠵᠡᠷᠭᠡ ᠬᠤᠯᠪᠣᠭᠳᠠᠯ ᠪᠦᠭᠦᠢ ᠠᠷᠭ᠎ᠠ ᠵᠠᠮ ᠢᠶᠠᠷ ᠲᠥᠪᠯᠡᠷᠡᠭᠦᠯᠦᠨ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠦᠨᠳᠦᠰᠦᠯᠡᠨ ᠳᠤᠰ ᠬᠤᠰᠢᠭᠤᠨ ᠤ ᠢᠯᠴᠢ ᠬᠠᠩᠭᠠᠬᠤ ᠺᠣᠮᠫᠠᠨᠢ ᠶᠢᠨ ᠠᠵᠢᠯᠯᠠᠭᠠᠨ ᠤ ᠪᠠᠶᠢᠳᠠᠯ ᠪᠣᠯᠤᠨ ᠢᠯᠴᠢ ᠬᠠᠩᠭᠠᠬᠤ ᠬᠤᠭᠤᠯᠠᠶ ᠶᠢᠨ ᠲᠣᠣᠷ ᠤᠨ ᠣᠳᠣᠬᠢ ᠪᠠᠶᠢᠳᠠᠯ ᠲᠠᠢ ᠤᠶᠠᠯᠳᠤᠭᠤᠯᠤᠨ ᠨᠢᠭᠡᠳᠦᠯᠲᠡᠶ ᠲᠥᠯᠥᠪᠯᠡᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠶ ᠪᠠᠷ ᠲᠣᠬᠢᠷᠠᠭᠤᠯᠤᠨ᠂ ᠳᠤᠰ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠶᠢ ᠲᠣᠭᠲᠠᠭᠠᠭᠰᠠᠨ ᠪᠠᠶᠢᠨ᠎ᠠ᠃ ᠶᠠᠰᠤ ᠴᠢᠨᠠᠷ ᠢ ᠰᠠᠶᠢᠲᠤᠷ ᠠᠳᠬᠤᠵᠤ᠂ ᠠᠬᠢᠴᠠ ᠶᠢ ᠲᠦᠷᠭᠡᠳᠭᠡᠬᠦ ᠶᠢᠨ ᠬᠠᠮᠲᠤ ᠣᠷᠴᠢᠨ ᠲᠣᠭᠤᠷᠢᠨ᠂ ᠵᠠᠮ ᠬᠠᠷᠢᠯᠴᠠᠭ᠎ᠠ ᠵᠢᠴᠢ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠦᠬᠦ ᠬᠦᠴᠦᠨ ᠢᠶᠠᠷ ︽ᠲᠤᠯᠠᠭᠠᠯᠠᠭ᠎ᠠ ᠶᠢᠨ ᠢᠨᠵᠧᠨᠧᠷᠢᠩ︾ ᠢ ᠠᠬᠢᠭᠤᠯᠥᠠᠠᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ 2024 ᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠶᠡᠷᠦᠩᠬᠡᠶ ᠪᠠᠯᠠ ᠣᠷᠣᠭᠤᠯᠤᠯᠲᠠ 2137 ᠲᠦᠮᠡᠨ ᠲᠥᠭᠦᠷᠢᠭ ᠲᠤ ᠬᠦᠷᠴᠦ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠳᠤ ᠭᠤᠤᠯᠳᠠᠭᠤ 2024 ᠣᠨ ᠤ ᠬᠤᠲᠠ ᠪᠠᠯᠭᠠᠰᠤᠨ ᠤ ᠬᠠᠭᠤᠴᠢᠨ‌‍ᠰᠠᠭᠤᠭᠠᠯᠢ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠶᠯ ᠵᠢᠴᠢ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢ ᠥᠷᠭᠡᠳᠬᠡᠨ ᠪᠠᠶᠢᠭᠤᠯᠬᠤ ᠥᠭᠡᠷᠡᠴᠢᠯᠡᠯᠲᠡ ᠶᠢᠨ ᠲᠥᠷᠥᠯ ᠵᠦᠶᠯ ᠢ ᠬᠠᠮᠤᠷᠴᠤ᠂ ᠢᠯᠴᠢ ᠬᠠᠩᠭᠠᠬᠤ ᠶᠢ ᠭᠤᠤᠯᠯᠠᠨ ᠬᠠᠮᠢᠶᠠᠷᠬᠤ 2 ᠱᠤᠭᠤᠮ᠂ 7 ᠢᠯᠴᠢ ᠬᠠᠩᠭᠠᠬᠤ ᠬᠤᠭᠤᠯᠠᠶ ᠶᠢ ᠰᠢᠨ᠎ᠡ ᠪᠠᠷ  ᠪᠠᠶᠢᠭᠤᠯᠪᠠ᠃    2024 ᠣᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠶᠯ ᠳᠤ᠂ ᠵᠠᠰᠠᠭ ᠤᠨ ᠣᠷᠳᠣᠨ ᠤ ᠬᠡᠷ ᠪᠦᠯᠢ ᠶᠢᠨ ᠠᠰᠠᠷ᠂ ᠠᠬᠠᠮᠠᠳ ᠺᠠᠳ᠋ᠷᠴᠤᠳ ᠤᠨ ᠲᠤᠪᠴᠢᠶᠠᠨ ᠤ ᠰᠠᠭᠤᠭᠠᠯᠢ ᠠᠷᠠᠳ ᠤᠨ ᠠᠰᠠᠷ ᠵᠡᠷᠭᠡ 15 ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ  ᠲᠤᠤᠷ ᠤᠨ ᠥᠭᠡᠷᠡᠴᠢᠯᠡᠯᠲᠡ ᠶᠢ ᠨᠢᠭᠡᠨᠲᠡ ᠪᠦᠬᠦᠨ ᠢ ᠳᠠᠭᠤᠰᠬᠠᠪᠠ᠃ ᠪᠠᠯᠭᠠᠷᠭᠤᠤᠯ ᠪᠠᠯᠭᠠᠰᠤᠨ ᠤ ᠢᠯᠴᠢ ᠬᠠᠩᠭᠠᠬᠤ ᠬᠤᠭᠤᠯᠠᠢ ᠶᠢ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠨᠢᠭᠡᠨᠳᠡ ᠲᠠᠭᠤᠰᠬᠠᠭᠰᠠᠨ ᠪᠠᠶᠢᠨ᠎ᠠ᠃ ᠡᠨᠡ ᠨᠢ ᠪᠠᠯᠭᠠᠷᠭᠤᠤᠯ ᠪᠠᠯᠭᠠᠰᠤᠨ ᠤ ᠵᠡᠭᠦᠨ ᠬᠤᠶᠢᠲᠤ ᠬᠡᠰᠡᠭ ᠤᠨ ᠭᠤᠣᠯ ᠬᠠᠮᠢᠶᠠᠷᠤᠯᠲᠠ ᠶᠢᠨ ᠲᠣᠣᠷ ᠤᠨ ᠢᠯᠴᠢ ᠬᠠᠩᠭᠠᠬᠤ ᠳᠠᠷᠤᠯᠲᠠ ᠶᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠭᠤᠣᠯ ᠤᠨ ᠵᠡᠭᠦᠨ ᠬᠡᠰᠡᠭ ᠲᠤ ᠲᠥᠪᠯᠡᠷᠡᠭᠦᠯᠦᠨ ᠢᠯᠴᠢ ᠬᠠᠩᠭᠠᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号