ᠮᠠᠨ ᠤ ᠠᠶᠢᠮᠠᠭ ᠤᠨ ᠲᠥᠯᠥᠭᠡᠯᠡᠭᠴᠢᠳ ᠤᠨ ᠠᠩᠭᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠳᠤ 20 ᠱᠠᠩᠨᠠᠯ ᠲᠤᠰᠴᠠᠢ
ᠨᠡᠶᠢᠲᠡᠯᠡᠭᠰᠡᠨ ᠴᠠᠭ᠄
2024/9/23
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠪᠤᠭᠤᠲᠤ ᠬᠤᠳᠠ ᠳᠤ ᠶᠠᠪᠤᠭᠳᠠᠵᠤ᠂ ᠤᠷᠤᠯᠳᠤᠭᠠᠨ ᠳᠤ 56 ᠤᠷᠤᠯᠳᠤᠭᠠᠨ ᠤ ᠲᠦᠷᠦᠯ ᠵᠦᠢᠯ ᠢ ᠲᠣᠬᠢᠷᠠᠭᠤᠯᠵᠤ᠂ ᠪᠦᠬᠦ ᠣᠷᠣᠨ ᠤ 1398 ᠠᠵᠢᠯ ᠮᠡᠷᠭᠡᠵᠢᠯ ᠤᠨ ᠴᠢᠳᠠᠪᠤᠷᠢᠲᠠᠨ ᠨᠢᠭᠡᠨ ᠳᠣᠣᠷ᠎ᠠ ᠥᠷᠢᠰᠦᠯᠳᠦᠵᠦ᠂ ᠡᠨᠡ ᠨᠢ ᠮᠠᠨ ᠤ ᠣᠷᠣᠨ ᠤ ᠤᠷᠤᠯᠳᠤᠭᠠᠨ ᠤ ᠲᠦᠷᠦᠯ ᠵᠦᠢᠯ ᠢᠶᠠᠷ ᠬᠠᠮᠤᠭ ᠤᠯᠠᠨ᠂ ᠬᠡᠪᠴᠢᠶ᠎ᠡ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠪᠣᠯᠵᠠᠢ᠃          3 ᠡᠳᠦᠷ ᠤᠨ ᠰᠢᠷᠦᠭᠦᠨ ᠲᠡᠮᠡᠴᠡᠭᠡᠨ ᠢᠶᠠᠷ 195 ᠣᠷᠣᠯᠴᠠᠭᠴᠢ ᠱᠠᠩᠨᠠᠯ ᠤᠨ ᠮᠧᠳᠠᠯ ᠣᠯᠵᠤ᠂ ᠪᠤᠭᠤᠲᠤ ᠬᠤᠲᠠ᠂ ᠬᠥᠬᠡᠬᠤᠲᠠ᠂ ᠣᠷᠳᠣᠰ ᠬᠤᠲᠠ ᠶᠢᠨ ᠲᠥᠯᠥᠭᠡᠯᠡᠭᠴᠢᠳ ᠤᠨ ᠠᠩᠭᠢ ᠨᠢ ᠲᠣᠰ ᠲᠣᠰ ᠪᠦᠯᠬᠦᠮ ᠤᠨ ᠶᠡᠷᠦᠩᠬᠡᠢ ᠬᠤᠪᠢ ᠪᠠᠷ ᠡᠮᠦᠨ᠎ᠡ ᠭᠤᠷᠪᠠ ᠳᠤ ᠣᠷᠣᠵᠠᠢ᠃ ᠮᠠᠨ ᠤ ᠠᠶᠢᠮᠠᠭ ᠤᠨ ᠲᠥᠯᠥᠭᠡᠯᠡᠭᠴᠢᠳ ᠤᠨ ᠠᠩᠭᠢ 2 ᠮᠥᠩᠭᠦᠨ ᠮᠧᠳᠠᠯ᠂ 2 ᠭᠠᠤᠯᠢᠨ ᠮᠧᠳᠠᠯ᠂ 15 ᠰᠢᠯᠢᠳᠡᠭ ᠱᠠᠩᠨᠠᠯ ᠣᠯᠵᠤ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃          ᠡᠭᠦᠨ ᠠᠴᠠ ᠭᠠᠳᠠᠨ᠎ᠠ᠂ ᠪᠡᠭᠡᠵᠢᠩ ᠲᠢᠶᠠᠨᠵᠢᠨ ᠾᠧᠪᠧᠢ᠂ ᠬᠠᠲᠤᠨ ᠭᠤᠣᠯ ᠤᠨ ᠤᠷᠤᠰᠬᠠᠯ ᠳᠠᠭᠠᠤ   ᠣᠷᠣᠨ ᠪᠠ ᠵᠡᠭᠦᠨ ᠬᠤᠶᠢᠲᠤ ᠣᠷᠣᠨ ᠵᠡᠷᠭᠡ ᠮᠤᠵᠢ ᠣᠷᠣᠨ ᠬᠤᠲᠠ ᠶᠢᠨ 108 ᠣᠷᠣᠯᠴᠠᠭᠴᠢ 10 ᠲᠦᠷᠦᠯ ᠤᠨ ᠨᠥᠬᠦᠷᠰᠡᠭ ᠤᠷᠤᠯᠳᠤᠭᠠᠨ ᠳᠤ ᠣᠷᠣᠯᠴᠠᠵᠤ᠂ 33 ᠬᠥᠮᠥᠨ ᠱᠠᠩᠨᠠᠯ ᠲᠤᠰᠴᠠᠢ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号