ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠭᠤᠷᠪᠠᠳᠤᠭᠠᠷ ᠤᠯᠠᠷᠢᠯ ᠤᠨ ᠠᠵᠢᠯ ᠤᠨ ᠲᠣᠭᠲᠠᠮᠠᠯ ᠬᠤᠷᠠᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/23
   9 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠭᠤᠷᠪᠠᠳᠤᠭᠠᠷ ᠤᠯᠠᠷᠢᠯ ᠤᠨ ᠠᠵᠢᠯ ᠤᠨ ᠲᠣᠭᠲᠠᠮᠠᠯ ᠬᠤᠷᠠᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠭᠠᠮᠰᠢᠭ  ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠪᠠᠶᠢᠳᠠᠯ ᠢ ᠨᠡᠶᠢᠲᠡᠯᠡᠵᠦ᠂ ᠤᠯᠤᠰ ᠤᠨ ᠪᠠᠶᠠᠷ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠣᠳᠠᠲᠠᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ᠂ ᠬᠤᠰᠢᠭᠤ ᠳᠡᠳ᠋ ᠳᠠᠷᠤᠭ᠎ᠠ ᠦ᠋ ᡁᠢ ᠴᠢᠶᠠᠩ᠂ ᠵᠢᠶᠠ ᠶᠦᠩ ᠰᠢᠶᠠ᠂ ᠷᠧᠨ ᠳ᠋ᠧ ᠰᠢᠨ ᠬᠤᠷᠠᠯ ᠳᠤ ᠣᠷᠣᠯᠴᠠᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠪᠦᠷᠢ ᠶᠢᠨ 9 ︱ 10 ᠰᠠᠷ᠎ᠠ ᠪᠣᠯ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠮᠠᠷᠬᠠᠨ ᠭᠠᠷᠬᠤ ᠴᠠᠭ ᠬᠤᠭᠤᠴᠠᠭ᠎ᠠ ᠮᠥᠨ᠂ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠨ᠂ ︽ᠨᠢᠭᠡ ᠲᠠᠯ᠎ᠠ ᠪᠠᠷ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠪᠠᠷ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠂ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠰ ᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠭᠠᠯ ᠤᠨᠲᠠᠷᠠᠭᠠᠬᠤ ᠪᠠ ᠠᠰᠢᠭ ᠦᠭᠡᠢ ᠴᠠᠭ ᠠᠭᠤᠷ ᠢ ᠠᠷᠭᠠᠴᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠱᠠᠭᠠᠷᠳᠠᠯᠭ᠎ᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠬᠢᠵᠠᠭᠠᠷᠯᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︽ᠴᠠᠭ ᠢᠮᠠᠭᠲᠠ ᠰᠡᠷᠡᠮᠵᠢᠯᠡᠬᠦ︾ ᠬᠠᠷᠢᠭᠤᠴᠠᠯᠭᠠᠲᠤ ᠰᠡᠳᠬᠢᠯᠭᠡ ᠶᠢ ᠪᠣᠳᠠᠲᠤ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠡᠢ᠃     ᠬᠤᠷᠠᠯ ᠳᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠢᠶᠠᠨ ᠬᠦᠷᠢᠶ᠎ᠡ ᠬᠡᠪᠴᠢᠶ᠎ᠡ ᠲᠠᠢ ᠤᠶᠠᠯᠳᠤᠭᠤᠯᠤᠨ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠭᠤᠷᠪᠠᠳᠤᠭᠠᠷ ᠤᠯᠠᠷᠢᠯ ᠤᠨ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠪᠡ᠃ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠬᠠᠷᠢᠭᠤ ᠮᠡᠳᠡᠭᠦᠯᠦᠯᠲᠡ ᠬᠢᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号