ᠶᠣᠣ ᠬᠤᠩ ᠭᠠᠩ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 18 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠪᠠ᠃ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠶᠣᠣ ᠬᠤᠩ ᠭᠠᠩ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠶᠢᠨ ᠴᠡᠭ ‍ᠦᠨ‌ᠵᠢᠭᠤᠯᠴᠢᠯᠠᠯ ᠤᠨ ᠦᠢᠯᠡᠴᠢᠭᠡᠨ ‍ᠦ‌‍ᠤ᠋ ᠲᠥᠪ᠂ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ  ᠬᠦᠷᠴᠦ ᠪᠠᠶᠢᠴᠠᠭᠠᠨ ᠦᠵᠡᠭᠰᠡᠨ ᠪᠥᠭᠡᠳ ᠲᠥᠷᠥᠯ ᠵᠦᠢᠯ ᠢ ᠠᠬᠢᠭᠤᠯᠬᠤ ᠶᠠᠪᠤᠴᠠ ᠳᠤ  ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃
   ᠶᠣᠣ ᠬᠤᠩ ᠭᠠᠩ ᠴᠢᠬᠤᠯᠠᠴᠢᠯᠠᠬᠤ ᠳᠠᠭᠠᠨ᠂ ᠵᠢᠭᠤᠯᠴᠢᠯᠠᠯ ᠤᠨ ᠦᠢᠯᠡᠰ ᠨᠢ ᠠᠷᠠᠳ ᠤᠨ ᠠᠮᠢᠳᠤᠷᠠᠯ ᠤᠨ ᠬᠥᠭᠵᠢᠯᠲᠡ ᠲᠠᠢ ᠬᠤᠯᠪᠣᠭᠳᠠᠵᠤ᠂ ᠠᠷᠠᠳ ᠤᠨ ᠲᠥᠯᠥᠭᠡ ᠵᠢᠳᠬᠦᠬᠦ᠂ ᠠᠷᠠᠳ ᠢ ᠪᠠᠶᠠᠵᠢᠭᠤᠯᠬᠤ᠂ ᠠᠷᠠᠳ ᠲᠤ ᠠᠰᠢᠭᠲᠠᠢ᠂ ᠠᠷᠠᠳ ᠢ ᠪᠠᠶᠠᠰᠬᠠᠬᠤ ᠢᠳᠡᠪᠬᠢ ᠦᠢᠯᠡᠳᠦᠯ ᠢ ᠪᠠᠳᠠᠷᠠᠭᠤᠯᠵᠤ ᠪᠠᠶᠢᠳᠠᠭ ᠮᠥᠷᠲᠡᠭᠡᠨ ︽ᠨᠢᠭᠡ ᠦᠢᠯᠡᠰ ᠢᠶᠠᠷ ᠣᠯᠠᠨ ᠦᠢᠯᠡᠰ ᠤᠨ ᠬᠥᠭᠵᠢᠯᠲᠡ ᠶᠢ ᠳᠠᠶᠢᠴᠢᠯᠠᠬᠤ︾ ᠶᠡᠭᠡ ᠬᠦᠴᠦᠨ ᠲᠠᠢ ᠶᠤᠮ᠃ ᠲᠠᠯ᠎ᠠ ᠨᠤᠲᠤᠭ  ᠤᠨ ︽99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ IP ᠢ ᠭᠦᠢᠴᠡᠳ ᠠᠰᠢᠭᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠦᠷᠭᠡᠨ ᠠᠵᠢᠯᠯᠠᠬᠤ ᠶᠢ ᠴᠢᠩᠭᠠᠳᠬᠠᠨ᠂ ᠡᠬᠢᠯᠡᠯᠲᠡ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠵᠤ᠂ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠮᠵᠢ ᠪᠠ ᠢᠳᠡᠭᠡᠨ ᠤᠮᠳᠠᠭᠠᠨ ᠬᠤᠨᠤᠭ ᠰᠠᠭᠤᠴᠠ ᠵᠠᠮ ᠬᠠᠷᠢᠯᠴᠠᠭ᠎ᠠ ᠵᠤᠭ᠎ᠠ ᠴᠡᠩᠭᠡᠯ ᠵᠡᠷᠭᠡ ᠡᠯᠧᠮᠧᠨ᠋ᠲ ᠤᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠵᠢᠭᠤᠯᠴᠢᠯᠠᠭᠴᠢᠳ ᠢ ᠲᠠᠲᠠᠬᠤ ᠠᠷᠭ᠎ᠠ ᠵᠠᠮ ᠢ ᠥᠷᠭᠡᠳᠬᠡᠵᠦ᠂ ᠵᠢᠭᠤᠯᠴᠢᠯᠠᠯ ᠤᠨ ᠬᠥᠭᠵᠢᠯᠲᠡ ᠶᠢᠨ ᠳᠦᠷᠢ ᠲᠥᠷᠬᠦ ᠶᠢ ᠶᠡᠬᠡᠪᠡᠷ ᠳᠡᠭᠡᠭᠰᠢᠯᠡᠭᠦᠯᠵᠦ᠂ ᠪᠠᠷᠠᠭᠤᠨ ᠦᠵᠦᠮᠦᠴᠢᠨ ᠤ ᠰᠣᠶᠣᠯ ᠵᠢᠭᠤᠯᠴᠢᠯᠠᠯ  ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号