ᠪᠦᠬᠦ ᠣᠷᠣᠨ ᠤ ᠠᠩᠬᠠᠳᠠᠭᠴᠢ ᠵᠢᠱᠢᠶ᠎ᠡ︕ ᠪᠠᠷᠠᠭᠤᠨ ᠦᠵᠦᠮᠦᠴᠢᠨ ᠬᠤᠰᠢᠭᠤ ᠠᠳᠠᠯᠢ ᠥᠷᠭᠡᠷᠢᠭ ᠤᠨ ᠥᠨᠳᠥᠷ ᠬᠦᠢᠲᠡᠨ ᠭᠠᠵᠠᠷ ᠣᠷᠣᠨ ᠳᠤ ᠨᠢᠭᠡ ᠵᠢᠯ ᠳᠤ ᠬᠤᠶᠠᠷ ᠤᠳᠠᠭ᠎ᠠ ᠨᠣᠬᠠᠢ ᠶᠢᠨ ᠬᠤᠰᠢᠭᠤ ᠶᠢ ᠲᠤᠷᠰᠢᠨ ᠳᠠᠷᠢᠵᠤ ᠠᠮᠵᠢᠯᠲᠠ
ᠨᠡᠶᠢᠲᠡᠯᠡᠭᠰᠡᠨ ᠴᠠᠭ᠄
2024/9/23
    ᠠᠯᠲᠠᠨ ᠨᠠᠮᠤᠷ ᠤᠨ ᠦᠵᠦᠮᠦᠴᠢᠨ ᠨᠤᠳᠤᠭ  ᠡᠯᠪᠡᠭ ᠬᠤᠷᠢᠶᠠᠯᠲᠠ ᠪᠠᠷ ᠴᠢᠮᠡᠭᠳᠡᠨ᠎ᠡ᠃     ᠤᠷᠴᠢᠮᠬᠠᠨ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠨᠣᠬᠠᠢ ᠶᠢᠨ ᠬᠤᠰᠢᠭᠤ ᠳᠠᠷᠢᠬᠤ ᠰᠠᠭᠤᠷᠢᠨ ᠭᠠᠵᠠᠷ ᠲᠤ ᠬᠦᠷᠬᠦ ᠳᠤ᠂ ᠨᠢᠭᠡ ᠮᠧᠲᠷ ᠥᠨᠳᠥᠷ ᠨᠣᠬᠠᠢ ᠶᠢᠨ ᠬᠤᠰᠢᠭᠤ ᠬᠠᠯᠢᠭᠤᠷᠠᠨ᠂ ᠮᠠᠰᠢᠨ ᠮᠧᠬᠠᠨᠢᠭ ᠤᠨ ᠬᠦᠩᠭᠢᠨᠡᠮ᠎ᠡ ᠲᠠᠭᠤᠨ ᠲᠤᠮᠳᠠ ᠬᠠᠳᠤᠵᠤ ᠬᠤᠷᠢᠶᠠᠬᠤ ᠮᠠᠰᠢᠨ ᠬᠤᠷᠳᠤᠴᠠ ᠨᠡᠮᠡᠨ ᠠᠵᠢᠯᠯᠠᠵᠤ᠂ ᠢᠭᠴᠤ ᠰᠠᠬᠤᠯᠢᠭ ᠨᠣᠬᠠᠢ ᠶᠢᠨ ᠬᠤᠰᠢᠭᠤ ᠶᠢᠨ ᠬᠤᠭᠤᠷᠣᠨᠳᠤ ᠰᠦᠯᠵᠢᠯᠳᠦᠨ᠂  ᠶᠠᠭᠠᠷᠠᠯᠲᠠᠢ ᠮᠦᠷᠳᠡᠭᠡᠨ ᠬᠦᠭᠵᠢᠶᠡᠨᠲᠠᠢ ᠪᠠᠶᠢᠯ᠎ᠠ᠃    ᠪᠠᠷᠠᠭᠤᠨ ᠦᠵᠦᠮᠦᠴᠢᠨ ᠬᠤᠰᠢᠭᠤ ᠤᠷᠤᠨ ᠨᠤᠳᠤᠭ ᠤᠨ ᠡᠬᠢ ᠪᠠᠶᠠᠯᠢᠭ ᠤᠨ ᠢᠶᠠᠨ ᠳᠠᠪᠠᠭᠤᠯᠢᠭ ᠲᠤ ᠰᠠᠭᠤᠷᠢᠯᠠᠨ᠂ ᠨᠣᠬᠠᠢ ᠶᠢᠨ ᠬᠤᠰᠢᠭᠤ ᠶᠢ ᠲᠤᠷᠰᠢᠨ ᠳᠠᠷᠢᠵᠤ᠂ ᠵᠢᠯ ᠳᠤ ᠬᠤᠶᠠᠷ ᠤᠳᠠᠭ᠎ᠠ ᠬᠤᠷᠢᠶᠠᠵᠤ᠂ ᠣᠯᠠᠨ ᠤᠳᠠᠭ᠎ᠠ ᠲᠤᠷᠰᠢᠨ ᠲᠠᠷᠢᠬᠤ ᠪᠠᠷ ᠳᠡᠮᠵᠢᠨ ᠰᠢᠯᠢᠳᠡᠭ ᠨᠣᠬᠠᠢ ᠶᠢᠨ ᠬᠤᠰᠢᠭᠤ ᠶᠢᠨ ᠲᠠᠷᠢᠬᠤ ᠰᠠᠶᠢᠨ ᠠᠷᠭ᠎ᠠ ᠶᠢ ᠡᠵᠡᠮᠰᠢᠵᠦ᠂ ᠤᠷᠭᠤᠯᠲᠠ ᠶᠢᠨ ᠬᠤᠭᠤᠴᠠᠭ᠎ᠠ ᠪᠠᠷ ᠣᠬᠤᠷ᠂ ᠰᠣᠷᠭᠤᠭ ᠡᠪᠡᠰᠦᠨ ᠤ ᠭᠠᠷᠤᠯᠲᠠ ᠥᠨᠳᠥᠷ᠂ ᠬᠦᠢᠲᠡᠨ ᠳᠤ ᠳᠠᠭᠠᠭᠠᠴᠠᠲᠠᠢ᠂ ᠭᠠᠩ ᠬᠠᠭᠰᠠᠷᠠᠭᠠᠨ ᠳᠤ ᠲᠡᠰᠪᠦᠷᠢᠲᠡᠢ ᠰᠢᠯᠢᠳᠡᠭ ᠨᠣᠬᠠᠢ ᠶᠢᠨ ᠬᠤᠰᠢᠭᠤ ᠶᠢ ᠲᠠᠰᠤᠷᠠᠯᠲᠠ ᠦᠭᠡᠢ ᠪᠣᠶᠢᠵᠢᠭᠤᠯᠵᠤ᠂  ᠪᠣᠶᠢᠵᠢᠭᠤᠯᠤᠯᠲᠠ ᠶᠢᠨ ᠦᠷ᠎ᠡ ᠪᠦᠲᠦᠮᠵᠢ ᠦᠨᠳᠦᠷ᠂ ᠤᠨᠠᠯᠲᠠ ᠨᠡᠮᠡᠭᠳᠡᠭᠰᠡᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ᠨᠣᠬᠠᠢ ᠶᠢᠨ ᠬᠤᠰᠢᠭᠤ ᠡᠪᠡᠰᠦᠨ ᠤ ᠶᠠᠰᠤ ᠴᠢᠨᠠᠷ ᠵᠢᠴᠢ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ᠂ ᠮᠠᠯ ᠤᠨ ᠡᠪᠦᠯ ᠬᠠᠪᠤᠷ ᠢ ᠥᠩᠭᠡᠷᠡᠭᠡᠬᠦ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ  ᠬᠠᠩᠭᠠᠭᠰᠠᠨ ᠪᠠᠶᠢᠨ᠎ᠠ᠃ ᠦᠨᠦᠳᠦᠷ ᠤᠨ ᠬᠠᠳᠤᠵᠤ ᠪᠠᠶᠢᠭ᠎ᠠ ᠪᠤᠯ ᠡᠨᠡ ᠵᠢᠯ ᠤᠨ ᠬᠤᠶᠠᠳᠠᠭᠢ ᠤᠳᠠᠭᠠᠨ ᠤ ᠬᠠᠳᠤᠵᠤ ᠬᠤᠷᠢᠶᠠᠬᠤ ᠠᠵᠢᠯ  ᠪᠠᠶᠢᠵᠤ᠂ ᠮᠠᠨ ᠤ ᠬᠤᠰᠢᠭᠤ ᠨᠢ  ᠪᠦᠬᠦ ᠣᠷᠣᠨ ᠤ ᠵᠢᠯ ᠳᠤ ᠬᠤᠶᠠᠷ ᠤᠳᠠᠭ᠎ᠠ ᠨᠣᠬᠠᠢ ᠶᠢᠨ ᠬᠤᠰᠢᠭᠤ ᠬᠤᠷᠢᠶᠠᠬᠤ ᠠᠩᠬᠠᠳᠠᠭᠴᠢ ᠬᠤᠰᠢᠭᠤ ᠰᠢᠶᠠᠨ ᠪᠣᠯᠤᠭᠰᠠᠨ ᠪᠠᠶᠢᠨ᠎ᠠ᠃    ᠨᠣᠬᠠᠢ ᠶᠢᠨ ᠬᠤᠰᠢᠭᠤ ᠨᠢ ᠲᠠᠴᠢᠷ ᠨᠢᠮᠭᠡᠨ᠂ ᠭᠠᠩ ᠬᠠᠭᠤᠷᠠᠢ ᠬᠦᠢᠲᠡᠨ ᠢ ᠲᠡᠰᠪᠦᠷᠢᠯᠡᠬᠦ ᠣᠨᠴᠠᠯᠢᠭ ᠲᠠᠢ᠂ ᠲᠡᠵᠢᠭᠡᠯ ᠤᠨ ᠦᠨ᠎ᠡ ᠥᠷᠲᠡᠭ ᠥᠨᠳᠥᠷ᠂ ᠦᠬᠡᠷ᠂ ᠮᠣᠷᠢ᠂ ᠬᠤᠨᠢ ᠢᠮᠠᠭᠠᠨ ᠤ ᠡᠪᠦᠯ ᠤᠨ ᠤᠯᠠᠷᠢᠯ ᠤᠨ ᠰᠢᠯᠢᠳᠡᠭ ᠲᠡᠵᠢᠭᠡᠯ ᠡᠪᠡᠰᠦ ᠪᠣᠯᠣᠨ᠎ᠠ᠃ ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠬᠦ ᠪᠠᠷ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠬᠤ ᠰᠢᠪᠲᠤᠯᠤᠯᠲᠠ ᠶᠢᠨ ᠴᠡᠭ ᠪᠠ ᠮᠠᠯ ᠠᠵᠤ ᠠᠬᠤᠢ ᠶᠢᠨ ᠲᠡᠵᠢᠭᠡᠪᠦᠷᠢ ᠶᠢᠨ ᠦᠢᠯᠡᠰ ᠢ ᠬᠥᠭᠵᠢᠭᠦᠯᠬᠦ ᠴᠢᠬᠤᠯᠠ ᠤᠷᠢᠲᠠᠯ ᠪᠣᠯᠭᠠᠵᠤ᠂ ᠲᠡᠵᠢᠭᠡᠯ ᠡᠪᠡᠰᠦᠨ ᠤ ᠠᠵᠤ ᠦᠢᠯᠡᠰ ᠢ ᠬᠡᠪᠴᠢᠶᠡᠵᠢᠭᠦᠯᠦᠨ ᠲᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ ᠤᠳᠤ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ  ᠰᠢᠰᠲ᠋ᠧᠮ ᠲᠡᠰᠢ ᠬᠤᠪᠢᠷᠠᠭᠤᠯᠬᠤ ᠶᠢ ᠠᠬᠢᠭᠤᠯᠪᠠ᠃     ᠮᠠᠯ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠬᠡᠲᠦᠷᠡᠲᠡᠯ᠎ᠡ ᠮᠠᠯᠵᠢᠭᠰᠠᠨ ᠠᠴᠠ ᠪᠣᠯᠵᠤ ᠨᠤᠲᠤᠭ ᠪᠡᠯᠴᠢᠭᠡᠷ ᠤᠨ ᠠᠮᠢ ᠠᠬᠤᠢ ᠮᠠᠭᠤᠳᠠᠵᠤ᠂ ᠨᠤᠲᠤᠭ ᠪᠡᠯᠴᠢᠭᠡᠷ ᠤᠨ ᠳᠠᠭᠠᠭᠠᠴᠠ ᠪᠠᠭᠤᠷᠠᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠪᠠ ᠠᠮᠢ ᠠᠬᠤᠢ ᠶᠢᠨ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ ᠃ ᠡᠨᠡ ᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ 2024 ᠣᠨ ᠳᠤ ᠪᠠᠷᠠᠭᠤᠨ ᠦᠵᠦᠮᠦᠴᠢᠨ ᠬᠤᠰᠢᠭᠤ ᠠᠩᠬ᠎ᠠ ᠤᠳᠠᠭ᠎ᠠ ᠨᠣᠬᠠᠢ ᠶᠢᠨ ᠬᠤᠰᠢᠭᠤ ᠲᠤᠷᠰᠢᠨ ᠳᠠᠷᠢᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠪᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠨᠣᠬᠠᠢ ᠶᠢᠨ ᠬᠤᠰᠢᠭᠤ ᠳᠤ ᠤᠭᠤᠷᠠᠭ ᠪᠠ ᠰᠢᠷᠬᠡᠭᠯᠢᠭ ᠡᠯᠪᠡᠭ ᠠᠭᠤᠯᠤᠭᠳᠠᠵᠤ᠂ ᠰᠢᠮ᠎ᠡ ᠲᠡᠵᠢᠭᠡᠯ ᠤᠨ ᠦᠨ᠎ᠡ ᠥᠷᠲᠡᠭ ᠥᠨᠳᠥᠷ ᠪᠠᠶᠢᠵᠤ᠂ ᠮᠠᠯ ᠤᠨ ᠥᠰᠦᠯᠲᠡ ᠪᠠ ᠮᠢᠬ᠎ᠠ ᠰᠦ ᠶᠢᠨ ᠭᠠᠷᠤᠯᠲᠠ ᠶᠢ ᠳᠡᠭᠡᠭᠰᠢᠯᠡᠭᠦᠯᠵᠦ ᠪᠣᠯᠣᠨ᠎ᠠ᠃ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠲᠠᠷᠢᠬᠤ ᠪᠠᠷ ᠳᠠᠮᠵᠢᠭᠤᠯᠤᠨ ᠲᠤᠰ ᠭᠠᠵᠠᠷ ᠤᠨ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ  ᠶᠢ ᠠᠬᠢᠭᠤᠯᠬᠤ ᠪᠤᠯᠤᠨ᠎ᠠ    ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠳᠤ 8500 ᠮᠦ ᠨᠣᠬᠠᠢ ᠶᠢᠨ ᠬᠤᠰᠢᠭᠤ ᠳᠠᠷᠢᠵᠤ᠂ ᠵᠢᠱᠢᠯᠲᠡ ᠪᠠᠷ ᠬᠠᠭᠤᠷᠠᠢ ᠡᠪᠡᠰᠦᠨ ᠤ ᠭᠠᠷᠤᠯᠲᠠ 7650 ᠲᠣᠨ ᠳᠤ ᠬᠦᠷᠬᠦ ᠪᠣᠯᠣᠨ᠎ᠠ᠃ ᠨᠣᠬᠠᠢ ᠶᠢᠨ ᠬᠤᠰᠢᠭᠤ ᠳᠠᠷᠢᠬᠤ ᠪᠣᠯ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠰᠠᠭᠤᠳᠠᠯ ᠢ ᠰᠢᠢᠳᠪᠦᠷᠢᠯᠡᠬᠦ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠨ ᠪᠦᠰᠡ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠰᠠᠶᠢᠵᠢᠷᠠᠯᠲᠠ ᠶᠢ ᠬᠠᠮᠠᠭᠠᠯᠠᠵᠤ᠂ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ ᠳᠤ ᠠᠰᠢᠭᠲᠠᠢ ᠶᠤᠮ᠃ ᠡᠭᠦᠨ ᠤ ᠬᠠᠮᠲᠤ᠂ ᠪᠥᠬᠦ ᠬᠤᠰᠢᠭᠤᠨ ᠤ ᠴᠢᠨᠠᠷ ᠰᠠᠶᠢᠲᠠᠢ ᠡᠪᠡᠰᠦ ᠪᠣᠷᠳᠣᠭᠠᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠠᠯ ᠲᠡᠵᠢᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠠᠢ ᠪᠠᠳᠤᠯᠠᠭ᠎ᠠ ᠬᠠᠩᠭᠠᠬᠤ ᠪᠤᠯᠤᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠼᠤᠤ ᠶᠤᠸᠠᠨ ᠰᠢᠨ ᠨᠢᠦ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠡᠵᠡᠩᠨᠡᠭᠴᠢ  ᠵᠦᠩ ᠳ᠋ᠡ  ᠴᠢᠤᠸᠠᠨ᠄ ︽ᠪᠢᠲᠡ ᠤᠳᠤ ᠨᠢᠭᠡᠨᠲᠡ ᠬᠤᠶᠠᠳᠠᠭᠢ ᠤᠳᠠᠭ᠎ᠠ ᠲᠠᠷᠢᠵᠦ᠂ ᠬᠠᠳᠤᠵᠤ ᠬᠤᠷᠢᠶᠠᠵᠤ ᠪᠠᠶᠢᠨ᠎ᠠ᠂ ᠡᠨᠡ ᠨᠢ ᠪᠦᠬᠦ ᠤᠷᠤᠨ ᠤ ᠨᠢᠭᠡ ᠵᠢᠯ ᠳᠤ ᠬᠤᠶᠠᠷ ᠤᠳᠠᠭ᠎ᠠ ᠨᠣᠬᠠᠢ ᠶᠢᠨ ᠬᠤᠰᠢᠭᠤ ᠶᠢ ᠲᠤᠷᠰᠢᠨ ᠳᠠᠷᠢᠵᠤ ᠠᠮᠵᠢᠯᠲᠠ ᠤᠯᠤᠭᠰᠠᠨ ᠬᠤᠰᠢᠭᠤ ᠪᠠᠶᠢᠵᠤ᠂ ᠭᠤᠣᠯᠳᠠᠭᠤ ᠦᠬᠡᠷ ᠤᠨ ᠲᠡᠵᠢᠭᠡᠯ ᠪᠣᠷᠳᠤᠭ᠎ᠠ ᠪᠤᠯᠭᠠᠨ᠂ ᠤᠭᠤᠷᠠᠭ ᠤᠨ ᠠᠭᠤᠯᠤᠭᠳᠠᠭᠴᠠ ᠦᠨᠳᠦᠷ ᠪᠠᠶᠢᠳᠠᠭ᠃ ᠪᠢᠲᠡ ᠬᠠᠳᠤᠵᠤ ᠳᠠᠭᠤᠰᠤᠭᠰᠠᠨ ᠤ ᠳᠠᠷᠠᠭ᠎ᠠ ᠡᠭᠡᠭᠡᠵᠦ ᠬᠠᠳᠠᠭᠠᠵᠤ ᠪᠤᠭᠤᠳᠠᠯᠯᠠᠨ᠎ᠠ᠃ ᠤᠳᠤᠬᠠᠨ ᠳᠤ ᠨᠡᠶᠢᠲᠡ 8500 ᠭᠠᠷᠤᠢ ᠮᠦ ᠨᠤᠬᠠᠢ ᠶᠢᠨ ᠬᠤᠰᠢᠭᠤ ᠲᠠᠷᠢᠵᠠᠢ᠂ ᠤᠷᠭᠤᠴᠠ ᠨᠢ ᠲᠣᠩ ᠰᠠᠢᠨ᠂ ᠵᠠᠰᠠᠭ ᠤᠨ ᠣᠷᠳᠣᠨ ᠠᠴᠠ ᠪᠠᠰᠠ ᠰᠦᠷᠴᠢᠨ ᠤᠰᠤᠯᠠᠬᠤ ᠮᠠᠰᠢᠨ ᠬᠠᠩᠭᠠᠵᠤ ᠦᠭᠴᠠᠢ᠃ ᠳᠤᠮᠳᠠᠴᠢ ᠪᠠᠷ ᠤᠷᠭᠤᠴᠠ ᠶᠢᠨ ᠪᠠᠶᠢᠳᠠᠯ ᠨᠢᠭᠡ ᠮᠧᠲᠷ ᠠᠴᠠ ᠥᠨᠳᠥᠷ  ᠪᠤᠯᠤᠭᠰᠠᠨ ᠪᠠᠶᠢᠨ᠎ᠠ︾ ᠭᠡᠯ᠎ᠡ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号