ᠪᠥᠬᠦ ᠠᠶᠢᠮᠠᠭ ᠤᠨ ᠲᠤᠭᠤᠵᠢᠰ ᠵᠦᠴᠦᠭᠡ ᠶᠢᠨ ᠵᠣᠬᠢᠶᠠᠯ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ ᠪᠠᠷᠠᠭᠤᠨ ᠦᠵᠦᠮᠦᠴᠢᠨ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/9/23
     ᠰᠢ ᠶᠢᠨ ᠫᠢᠩ ᠤᠨ ᠰᠣᠶᠣᠯ  ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠳᠬ᠎ᠠ ᠵᠣᠬᠢᠶᠠᠯ  ᠤᠨ ᠠᠵᠢᠯᠲᠠᠳ ᠢ ᠬᠥᠲᠥᠯᠥᠨ ᠳᠠᠭᠠᠭᠤᠯᠵᠤ ᠰᠣᠶᠣᠯ ᠢᠶᠠᠷ ᠦᠢᠯᠡᠰ ᠢᠶᠠᠨ ᠮᠠᠨᠳᠤᠭᠤᠯᠬᠤ᠂ ᠰᠣᠶᠣᠯ ᠢᠶᠠᠷ ᠦᠨᠳᠦᠰᠦ ᠶᠢ ᠪᠣᠶᠢᠵᠢᠭᠤᠯᠬᠤ᠂ ᠰᠣᠶᠣᠯ ᠢᠶᠠᠷ ᠰᠡᠳᠬᠢᠯ ᠢ ᠪᠤᠢ ᠪᠣᠯᠭᠠᠬᠤ᠂ ᠰᠣᠶᠣᠯ ᠢᠶᠠᠷ ᠰᠦᠭ ᠰᠦᠨᠡᠰᠦ  ᠶᠢ ᠱᠤᠭᠤᠬᠤ ᠶᠢ ᠪᠠᠷᠢᠮᠲᠠᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠳᠤ ᠪᠢᠴᠢᠭᠯᠡᠵᠦ᠂ ᠦᠨᠳᠦᠰᠦᠨ ᠱᠠᠲᠤᠨ ᠤ ᠤᠳᠬ᠎ᠠ ᠵᠣᠬᠢᠶᠠᠯ ᠤᠨ ᠠᠵᠢᠯ ᠳᠤ ᠭᠦᠨᠵᠡᠭᠡᠢ ᠰᠡᠳᠬᠢᠬᠦ᠂ ᠵᠣᠬᠢᠶᠠᠨ ᠪᠦᠲᠦᠭᠡᠵᠦ ᠰᠣᠯᠢᠯᠴᠠᠬᠤ ᠨᠡᠩ ᠤᠯᠠᠨ ᠲᠠᠪᠴᠠᠩ ᠢ ᠬᠠᠩᠭᠠᠬᠤ ᠶᠢᠨ ᠲᠤᠰᠠᠳᠠ ᠡᠷᠬᠢᠯᠡᠭᠰᠡᠨ ᠪᠥᠬᠦ ᠠᠶᠢᠮᠠᠭ ᠤᠨ ᠲᠤᠭᠤᠵᠢᠰ ᠵᠦᠴᠦᠭᠡ ᠶᠢᠨ ᠵᠣᠬᠢᠶᠠᠯ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ 9 ᠰᠠᠷ᠎ᠠ ᠶᠢᠨ 21 ᠤ ᠡᠳᠦᠷ ᠪᠠᠷᠠᠭᠤᠨ ᠦᠵᠦᠮᠦᠴᠢᠨ ᠬᠤᠰᠢᠭᠤᠨ ᠳᠤ ᠬᠢᠴᠢᠶᠡᠯ ᠡᠬᠢᠯᠡᠭᠦᠯᠪᠡ᠃ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠠ ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠡᠪᠯᠡᠯ ᠠᠴᠠ ᠲᠤᠰ ᠤᠳᠠᠭᠠᠨ ᠤ ᠠᠵᠢᠯᠯᠠᠭ᠎ᠠ ᠶᠢ ᠭᠤᠣᠯᠯᠠᠨ ᠡᠷᠭᠢᠯᠡᠪᠡ᠃    ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠮᠥᠩᠭᠦᠨᠴᠡᠴᠡᠭ᠂ ᠥᠪᠥᠷ ᠮᠣᠩᠭᠤᠯ ᠤᠨ ᠵᠣᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠣᠷᠴᠢᠭᠤᠯᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠴᠧᠨ·ᠰᠠᠷᠠᠨ᠎ᠠ᠂ ᠰᠢᠯᠢ ᠶᠢᠨ ᠭᠤᠣᠯ ᠠᠶᠢᠮᠠᠭ ᠤᠨ ᠵᠣᠬᠢᠶᠠᠯᠴᠢᠳ ᠤᠨ ᠨᠡᠶᠢᠭᠡᠮᠯᠢᠭ᠂ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠰᠦᠨ ᠬᠠᠢ ᠲᠤᠤ ᠨᠠᠷ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃   ᠮᠥᠩᠭᠦᠨᠴᠡᠴᠡᠭ ᠶᠣᠰᠣᠯᠠᠯ ᠳᠤ ᠶᠠᠷᠢᠶ᠎ᠠ ᠲᠠᠯᠪᠢᠬᠤ ᠳᠠᠭᠠᠨ᠄ ︽ᠰᠤᠷᠤᠯᠭᠠᠲᠠᠳ ᠤᠨ ᠰᠣᠶᠣᠯ ᠤᠨ ᠢᠲᠡᠭᠡᠯ ᠢᠶᠠᠨ ᠨᠡᠮᠡᠭᠳᠡᠭᠦᠯᠬᠦ᠂ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠬᠦᠴᠦᠨ ᠢᠶᠠᠨ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ᠭᠤᠣᠯᠳᠠᠭᠤ ᠲᠤᠭᠤᠵᠢᠰ ᠤᠨ ᠵᠣᠬᠢᠶᠠᠯ᠂ ᠵᠦᠴᠦᠭᠡ ᠶᠢᠨ ᠵᠣᠬᠢᠶᠠᠯ ᠤᠨ ᠵᠣᠬᠢᠶᠠᠨ ᠪᠦᠲᠦᠭᠡᠯᠭᠡ ᠪᠠᠷ ᠤᠳᠤᠷᠢᠳᠬᠠᠯ ᠪᠣᠯᠭᠠᠵᠤ᠂ ᠠᠳᠠᠯᠢ ᠪᠤᠰᠤ ᠲᠡᠦᠬᠡᠨ ᠴᠠᠭ ᠦᠶ᠎ᠡ ᠶᠢᠨ ᠵᠣᠬᠢᠶᠠᠨ ᠪᠦᠲᠦᠭᠡᠬᠦ ᠣᠨᠴᠠᠯᠢᠭ ᠢ ᠲᠣᠳᠣᠷᠠᠭᠤᠯᠵᠤ᠂ ᠰᠠᠶᠢᠨ ᠲᠤᠭᠤᠵᠢᠰ ᠤᠨ ᠵᠣᠬᠢᠶᠠᠯ᠂ ᠰᠠᠶᠢᠨ ᠵᠦᠴᠦᠭᠡ ᠶᠢᠨ ᠵᠣᠬᠢᠶᠠᠯ ᠢ ᠵᠣᠬᠢᠶᠠᠨ ᠪᠦᠲᠦᠭᠡᠬᠦ ᠬᠡᠷᠡᠭᠲᠡᠢ᠃ ᠳᠣᠲᠣᠭᠠᠳᠤ ᠵᠣᠬᠢᠶᠠᠨ ᠪᠦᠲᠦᠭᠡᠯᠭᠡ ᠶᠢᠨ ᠬᠥᠳᠡᠯᠭᠡᠬᠦ ᠬᠦᠴᠦᠨ ᠪᠠ ᠠᠪᠢᠶᠠᠰ ᠪᠢᠯᠢᠭ ᠢᠶᠠᠨ ᠪᠠᠳᠠᠷᠠᠭᠤᠯᠵᠤ᠂ ᠰᠢᠯᠢ ᠶᠢᠨ ᠭᠤᠣᠯ ᠤᠨ ᠤᠳᠬ᠎ᠠ ᠵᠣᠬᠢᠶᠠᠯ ᠤᠨ ᠦᠢᠯᠡᠰ ᠲᠤ ᠥᠪᠡᠷ ᠤᠨ ᠬᠦᠴᠦ ᠣᠶᠣᠨ ᠢᠶᠠᠨ ᠡᠷᠭᠦᠬᠦ ᠬᠡᠷᠭᠲᠡᠢ︾ ᠭᠡᠵᠦ ᠱᠠᠭᠠᠷᠳᠠᠪᠠ  ᠃    ᠴᠧᠨ·ᠰᠠᠷᠠᠨ᠎ᠠ ᠪᠠᠭᠰᠢ ᠪᠣᠯᠣᠨ ᠰᠦᠨ ᠬᠠᠢ ᠲᠤᠸ ᠪᠠᠭᠰᠢ ᠲᠣᠰ ᠲᠣᠰ ︽ᠥᠭᠦᠯᠡᠯᠭᠡ ᠶᠢᠨ ᠣᠯᠠᠨ ᠵᠦᠢᠯ ᠤᠨ ᠲᠦᠯᠬᠢᠴᠡ ᠬᠦᠴᠦᠨ︾ ︽ᠥᠭᠦᠯᠡᠯᠭᠡ ᠶᠢᠨ ᠵᠣᠬᠢᠶᠠᠨ ᠪᠦᠲᠦᠭᠡᠯᠭᠡ ᠶᠢᠨ ᠲᠤᠬᠠᠢ ᠰᠤᠯᠠ ᠶᠠᠷᠢᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠦ᠂ ᠥᠪᠡᠷ ᠤᠨ ᠵᠣᠬᠢᠶᠠᠨ ᠪᠦᠲᠦᠭᠡᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠵᠣᠬᠢᠶᠠᠨ ᠪᠦᠲᠦᠭᠡᠯᠭᠡ   ᠶᠢᠨ ᠣᠯᠣᠯᠲᠠ ᠲᠥᠷᠥᠭᠳᠡᠯ ᠢᠶᠠᠨ ᠬᠤᠪᠢᠶᠠᠯᠴᠠᠨ᠂ ᠤᠷᠠᠨ ᠠᠪᠢᠶᠠᠰ ᠤᠨ ᠬᠡᠷᠡᠭᠯᠡᠯᠲᠡ᠂ ᠰᠡᠳᠬᠢᠮᠵᠢ   ᠶᠢᠨ ᠪᠠᠶᠢᠷᠢᠰᠢᠭᠤᠯᠤᠯᠲᠠ᠂ ᠦᠢᠯᠡ ᠶᠠᠪᠤᠳᠠᠯ ᠤᠨ ᠲᠣᠬᠢᠷᠠᠭᠤᠯᠤᠯᠲᠠ ᠵᠡᠷᠭᠡ ᠲᠤᠭᠤᠵᠢᠰ ᠤᠨ ᠵᠣᠬᠢᠶᠠᠯ ᠶᠢᠨ ᠵᠣᠬᠢᠶᠠᠨ ᠪᠦᠲᠦᠭᠡᠯᠭᠡ ᠶᠢᠨ ᠡᠯ᠎ᠡ ᠵᠠᠩᠭᠢᠯᠠᠭ᠎ᠠ ᠶᠢᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ ᠰᠤᠷᠤᠯᠭᠠᠲᠠᠳ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃    ᠪᠣᠯᠪᠠᠰᠤᠷᠠᠯ ᠨᠢ 9 ᠰᠠᠷ᠎ᠠ   ᠶᠢᠨ 21 ᠤ ᠡᠳᠦᠷ ᠠᠴᠠ 22 ᠤ ᠡᠳᠦᠷ ᠪᠣᠯᠲᠠᠯ᠎ᠠ ᠬᠤᠶᠠᠷ ᠡᠳᠦᠷ ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ᠂ ᠸᠢᠳᠢᠤ᠋ ᠲᠠᠶᠢᠯᠤᠮᠵᠢ᠂ ᠵᠣᠬᠢᠶᠠᠯ ᠪᠦᠲᠦᠭᠡᠯ ᠤᠨ ᠰᠣᠯᠢᠯᠴᠠᠭᠠᠨ ᠤ ᠲᠤᠬᠠᠢ ᠶᠠᠷᠢᠯᠴᠠᠬᠤ ᠬᠤᠷᠠᠯ ᠪᠠ ᠵᠣᠬᠢᠶᠠᠨ ᠪᠦᠲᠦᠭᠡᠯᠭᠡ ᠶᠢᠨ ᠰᠣᠷᠪᠤᠯᠵᠢᠯᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠯᠪᠠᠰᠤᠷᠠᠯ ᠳᠤ ᠣᠷᠣᠯᠴᠠᠭᠰᠠᠨ ᠰᠤᠷᠤᠯᠭᠠᠲᠠᠳ ᠲᠤ ᠲᠤᠰᠬᠠᠢ ᠮᠡᠷᠭᠡᠵᠢᠯ ᠤᠨ ᠵᠣᠬᠢᠶᠠᠨ ᠪᠦᠲᠦᠭᠡᠯᠭᠡ ᠶᠢᠨ ᠮᠡᠳᠡᠯᠭᠡ  ᠶᠢᠨ ᠵᠢᠯᠣᠭᠤᠳᠤᠮᠵᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠬᠠᠷᠢᠯᠴᠠᠨ ᠰᠣᠯᠢᠯᠴᠠᠬᠤ ᠳᠤᠮᠳᠠ ᠵᠣᠬᠢᠶᠠᠨ ᠪᠦᠲᠦᠭᠡᠯᠭᠡ ᠶᠢᠨ ᠳᠤᠮᠳᠠᠬᠢ ᠬᠦᠴᠢᠷᠳᠡᠯ ᠪᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠳᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠵᠠᠮ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号