ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠳᠡᠰ ‍ᠤᠨ‌ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ  ᠬᠦᠷᠴᠦ ᠤᠬᠠᠭᠤᠯᠤᠨ ᠲᠠᠶᠢᠯᠪᠤᠷᠢ᠊
ᠨᠡᠶᠢᠲᠡᠯᠡᠭᠰᠡᠨ ᠴᠠᠭ᠄
2024/9/25
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠣᠯᠠᠳᠠ᠂ 9 ᠰᠠᠷ᠎ᠠ ᠶᠢᠨ 19᠎ ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠎ ᠶᠢ ᠰᠤᠷᠤᠯᠴᠠᠨ ᠲᠤᠤᠱᠯᠠᠭᠤᠯᠬᠤ ᠬᠤᠰᠢᠭᠤ ᠳᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠬᠤᠩ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠤ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠪᠠᠶᠠᠨᠬᠤᠸᠠ ᠪᠠᠯᠭᠠᠰᠤ ᠪᠣᠯᠣᠨ ᠨᠡᠭᠦᠷᠡᠰᠦ᠂ ᠴᠠᠬᠢᠯᠭᠠᠨ ᠬᠦᠴᠦ᠂ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠠᠪᠤᠷᠠᠨ ᠲᠤᠰᠠᠯᠠᠬᠤ ᠵᠡᠷᠭᠡ 9 ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠭᠤᠣᠯ ᠰᠡᠳᠦᠪ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯᠳᠠᠯᠭ᠎ᠠ ᠵᠡᠷᠭᠡ ᠳᠥᠷᠪᠡᠨ ᠶᠡᠭᠡ ᠰᠡᠳᠦᠪ ᠤᠨ ᠲᠤᠭᠤᠷᠢᠨ ᠳᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ  ᠭᠦᠨᠵᠡᠭᠡᠢ ᠲᠠᠶᠢᠯᠪᠤᠷᠢᠯᠠᠪᠠ᠃    ᠬᠤᠷᠠᠯ ᠳᠤ ᠣᠷᠣᠯᠴᠠᠭᠰᠠᠨ ᠨᠥᠬᠦᠳ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠢᠶᠠᠷ ᠢᠶᠠᠨ᠂ ᠲᠣᠰ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠠᠭᠤᠯᠭ᠎ᠠ ᠪᠠᠶᠠᠯᠢᠭ᠂ ᠤᠳᠬ᠎ᠠ ᠰᠠᠨᠠᠭ᠎ᠠ ᠭᠦᠨ ᠭᠦᠨᠵᠡᠭᠡᠢ ᠪᠠᠶᠢᠵᠤ᠂ ᠭᠦᠨ ᠭᠦᠨᠵᠡᠭᠡᠢ ᠦᠵᠡᠯ ᠰᠠᠨᠠᠭᠠᠴᠢ ᠴᠢᠨᠠᠷ᠂ ᠣᠨᠣᠯᠴᠢ ᠴᠢᠨᠠᠷ ᠲᠠᠢ ᠪᠥᠭᠡᠳ ᠪᠠᠰᠠ ᠮᠠᠰᠢ ᠴᠢᠩᠭ᠎ᠠ ᠵᠢᠯᠤᠭᠤᠳᠬᠤ ᠴᠢᠨᠠᠷ᠂ ᠦᠢᠯᠡᠳᠦᠯᠭᠡᠲᠦ ᠴᠢᠨᠠᠷ ᠲᠠᠢ ᠪᠠᠶᠢᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠴᠢ ᠠᠵᠢᠯᠲᠠᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠰᠠᠶᠢᠲᠤᠷ ᠰᠤᠷᠤᠯᠴᠠᠬᠤ᠂ ᠰᠠᠶᠢᠲᠤᠷ ᠣᠶᠢᠯᠠᠭᠠᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠢᠯᠡᠳᠬᠡᠪᠡ᠃    ᠥᠪᠥᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠤᠭᠤᠯᠬᠤ ᠬᠢᠵᠠᠭᠠᠷᠲᠤ ᠺᠣᠮᠫᠠᠨᠢ ᠶᠢᠨ ᠨᠠᠮ ᠪᠠ ᠣᠯᠠᠨ ᠲᠦᠮᠡᠨ ᠤ ᠬᠡᠯᠲᠡᠰ ᠤᠨ ᠳᠡᠳ᠋ ᠳᠠᠷᠤᠭ᠎ᠠ᠄ ︽ᠵᠢᠶᠠᠩ ᠲᠦᠩ ᠨᠠᠮ ᠤᠨ 20 ᠳ᠋ᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠨᠢ ᠤᠯᠤᠰ ᠣᠷᠣᠨ ᠤ ᠬᠥᠭᠵᠢᠯᠲᠡ ᠳᠤ ᠰᠢᠨ᠎ᠡ ᠵᠢᠷᠤᠭ ᠲᠥᠰᠥᠪ ᠢ ᠵᠢᠷᠤᠵᠤ ᠥᠭᠭᠦᠭᠰᠡᠨ ᠶᠤᠮ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠠᠳ ᠪᠢ ᠶᠡᠬᠡᠳᠡ ᠵᠣᠷᠢᠭᠵᠢᠵᠤ᠂ ᠥᠪᠡᠷ ᠤᠨ ᠠᠵᠢᠯ ᠤᠨ ᠢᠶᠠᠨ ᠲᠤᠬᠠᠢ ᠨᠡᠩ ᠭᠦᠨᠵᠡᠭᠡᠢ ᠲᠠᠨᠢᠯᠲᠠ ᠪᠠ ᠪᠣᠳᠣᠯᠬᠢᠯᠠᠯ ᠲᠠᠢ ᠪᠣᠯᠵᠠᠢ᠃ ᠪᠥᠬᠦᠳᠡ ᠬᠤᠷᠠᠯ ᠠᠴᠠ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ ᠭᠡᠵᠦ ᠴᠢᠬᠤᠯᠠᠴᠢᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠠᠵᠢᠯ ᠤᠨ ᠺᠠᠳ᠋ᠷ ᠪᠣᠯᠣᠭᠰᠠᠨ ᠤ ᠬᠤᠪᠢ ᠳᠤ᠂ ᠪᠢ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ 20 ᠳ᠋ᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠣᠯᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠠᠵᠢᠯ ᠤᠨ ᠺᠠᠳ᠋ᠷᠴᠤᠳ ᠤᠨ ᠰᠢᠨ᠎ᠡ ᠡᠭᠦᠷᠭᠡᠯᠡᠯ᠂ ᠰᠢᠨ᠎ᠡ ᠴᠤᠭ ᠵᠢᠪᠬᠤᠭ᠎ᠠ ᠶᠢ ᠢᠯᠡᠷᠡᠭᠦᠯᠬᠦ ᠪᠣᠯᠣᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号