9 ᠰᠠᠷ᠎ᠠ ᠶᠢᠨ 20 ᠤ ᠡᠳᠦᠷ᠂ ᠪᠥᠬᠦ ᠤᠯᠤᠰ ᠤᠨ 27 ᠳ᠋ᠤᠭᠠᠷ ᠬᠤᠭᠤᠴᠠᠭᠠᠨ ᠤ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 41 ᠳ᠋ᠦ᠋ᠭᠡᠷ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠠᠰᠢᠷᠠᠮ ᠳᠤ᠂ ᠪᠠᠷᠠᠭᠤᠨ | ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠢ ︽ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠭᠤᠤᠯ ᠰᠡᠳᠦᠪᠲᠦ ᠪᠠᠭᠰᠢ ᠰᠤᠷᠤᠭᠴᠢᠳ ᠤᠨ ᠶᠠᠷᠢᠶ᠎ᠠ | ᠢᠯᠡᠳᠬᠡᠯ ᠤᠨ ᠤᠷᠤᠯᠳᠤᠭᠠᠨ ᠶᠠᠪᠤᠭᠳᠠᠭᠤᠯᠪᠠ᠃ | ᠤᠷᠤᠯᠳᠤᠭᠠᠨ ᠳᠤ᠂ ᠪᠦᠭᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ | ᠤᠷᠤᠯᠴᠠᠭᠰᠠᠨ ᠪᠠᠭᠰᠢ ᠰᠤᠷᠤᠭᠴᠢᠳ ︽ᠦᠨᠳᠦᠰᠦᠲᠡᠨ ᠤ ᠪᠦᠯᠬᠦᠮᠳᠡᠯ ᠳᠠᠪᠰᠢᠯᠲᠠ︾ ᠪᠠ ︽ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ︾ ᠬᠤᠶᠠᠷ ᠭᠤᠣᠯ ᠰᠡᠳᠦᠪ ᠤᠨ ᠲᠣᠭᠤᠷᠢᠨ ᠳᠤ ᠣᠷᠭᠢᠯᠤᠮ᠎ᠠ ᠬᠠᠯᠠᠭᠤᠨ ᠰᠡᠳᠬᠢᠯᠭᠡ᠂ ᠠᠮᠢᠳᠤᠯᠢᠭ | ᠰᠠᠶᠢᠬᠠᠨ ᠦᠭᠡ ᠶᠠᠷᠢᠶ᠎ᠠ ᠪᠠᠷ ᠬᠥᠮᠦᠰ ᠤᠨ ᠰᠡᠳᠬᠢᠯ ᠢ ᠬᠥᠳᠡᠯᠭᠡᠮ᠎ᠡ ᠦᠨᠳᠦᠰᠦᠲᠡᠨ ᠤ ᠪᠦᠯᠬᠦᠮᠳᠡᠯ ᠤᠨ | ᠦᠯᠢᠭᠡᠷ ᠤᠳ ᠢ ᠶᠠᠷᠢᠵᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠲᠡᠳᠡ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ | ᠲᠡᠮᠡᠴᠡᠭᠰᠡᠨ ᠭᠡᠷᠡᠯ ᠰᠠᠴᠤᠷᠠᠩᠭᠤᠶ ᠣᠨ ᠰᠠᠷ᠎ᠠ ᠶᠢ ᠡᠷᠭᠢᠴᠡᠭᠦᠯᠵᠦ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ | ᠪᠠᠶᠢᠳᠠᠯ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠦᠷᠰᠦᠯᠡᠨ ᠵᠢᠷᠤᠭᠯᠠᠵᠤ᠂ ᠨᠡᠶᠢᠲᠡᠯᠢᠭ ᠬᠡᠯᠡᠨ ᠤ ᠰᠣᠯᠢᠯᠴᠠᠭ᠎ᠠ | ᠨᠡᠪᠲᠡᠷᠡᠯᠴᠡᠭᠡ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠦᠵᠡᠭᠦᠯᠬᠦ ᠥᠪᠡᠷᠮᠢᠴᠡ ᠦᠢᠯᠡᠳᠦᠯ ᠢ ᠬᠦᠨᠵᠡᠭᠡᠢ | ᠶᠠᠷᠢᠯ᠎ᠠ᠃ | ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠪᠠᠭᠰᠢ | ᠰᠤᠷᠤᠭᠴᠢᠳ ᠤᠨ ᠭᠤᠶᠢᠳᠠ ᠰᠠᠶᠢᠬᠠᠨ ᠶᠠᠷᠢᠶ᠎ᠠ ᠢᠯᠡᠳᠭᠡᠯ ᠨᠢ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ | ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠠᠮᠵᠢᠯᠲᠠᠢ ᠶᠠᠪᠤᠭᠳᠠᠯ᠎ᠠ᠃ ᠲᠣᠰ ᠤᠳᠠᠭᠠᠨ ᠤ | ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠪᠣᠯᠣᠨ ᠪᠠᠭᠰᠢᠨᠠᠷ ᠲᠤ | ᠤᠷ᠎ᠠ ᠠᠪᠢᠶᠠᠰ ᠢᠶᠠᠨ ᠪᠠᠳᠠᠷᠠᠭᠤᠯᠬᠤ ᠰᠠᠶᠢᠨ ᠰᠠᠶᠢᠬᠠᠨ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ | ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠭᠦᠨ ᠭᠦᠨᠵᠡᠭᠡᠶ ᠠᠵᠢᠯᠯᠠᠭ᠎ᠠ ᠪᠠ ᠨᠡᠶᠢᠲᠡᠯᠢᠭ | ᠬᠡᠯᠡ ᠶᠢ ᠳᠡᠯᠭᠡᠷᠡᠭᠦᠯᠬᠦ ᠠᠵᠢᠯᠯᠠᠭ᠎ᠠ ᠪᠣᠯᠤᠭᠰᠠᠨ ᠪᠠᠶᠢᠨ᠎ᠠ᠃ |