ᠳᠣᠯᠣᠳᠠᠭᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠬᠢᠯ ᠠᠴᠠ ᠪᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/9/25
     ᠳᠣᠯᠣᠳᠠᠭᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠬᠢᠯ ᠠᠴᠠ ᠪᠠᠨ ᠲᠣᠬᠤᠨᠢᠭᠤᠯᠪᠠ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠲᠠᠷᠢᠶᠠᠴᠢᠨ ᠲᠦᠮᠡᠨ ᠳᠤ ᠮᠡᠳᠡᠷᠡᠭᠳᠡᠬᠦᠢ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃     ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ   ᠳᠣᠯᠣᠳᠠᠭᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠋᠎ᠡ ᠠᠴᠠ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠬᠢᠯ ᠠᠴᠠ ᠪᠠᠨ ᠲᠣᠬᠤᠨᠢᠭᠤᠯᠪᠠ᠃      ᠰᠢ ᠶᠢᠨ ᠫᠢᠩ᠂ ᠡᠨᠡ ᠵᠢᠯ ᠪᠢᠳᠡ ᠨᠡᠯᠢᠶᠡᠳ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠢᠯᠡᠨ ᠳᠠᠪᠠᠵᠤ᠂ ᠵᠣᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠡᠷᠲᠡ ᠶᠢᠨ ᠲᠤᠲᠤᠷᠭ᠎ᠠ ᠶᠢᠨ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠵᠦ᠂ ᠪᠥᠬᠦ ᠵᠢᠯ ᠤᠨ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠣᠯᠬᠤ ᠪᠣᠯᠣᠮᠵᠢ ᠲᠠᠢ ᠪᠣᠯᠵᠤ᠂ ᠠᠵᠤ ᠠᠬᠤᠢ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ  ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠬᠦᠢ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ ᠥᠷᠭᠡᠨ ᠤᠯᠠᠨ ᠲᠠᠷᠢᠶᠠᠴᠢᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠥᠳᠡᠯᠦᠯᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号