ᠬᠤᠶᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠬᠤᠨᠳᠠᠭᠠᠲᠤ︾ ᠪᠥᠬᠦ ᠤᠯᠤᠰ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠡᠬᠢᠯᠠᠯ᠎ᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠶᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠬᠤᠨᠳᠠᠭᠠᠲᠤ︾ ᠪᠥᠬᠦ ᠤᠯᠤᠰ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ᠃
   ᠲᠤᠰ ᠤᠳᠠᠭᠠᠨ ᠤ ᠤᠷᠤᠯᠳᠣᠭᠠᠨ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠨ᠂ ᠪᠦᠬᠦ ᠤᠯᠤᠰ ᠤᠨ ᠡᠯ᠎ᠡ ᠭᠠᠵᠠᠷ ᠤᠷᠤᠨ ᠤ 16 ᠬᠥᠯ ᠪᠥᠮᠪᠦᠭᠡ ᠶᠢᠨ ᠠᠩᠭᠢ ᠶᠢᠨ 200 ᠭᠠᠷᠤᠢ ᠲᠠᠮᠢᠷᠴᠢᠨ  ᠭᠦᠷᠦᠯᠴᠠᠨ ᠢᠷᠡᠵᠦ  ᠂  ᠤᠷ᠎ᠠ ᠮᠠᠷᠬᠡᠵᠢᠯ ᠢᠶᠠᠨ ᠰᠢᠯᠭᠠᠬᠤ ᠪᠤᠯᠤᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠤᠳᠬᠠᠨᠪᠠᠭᠠᠳᠣᠷ᠂ ᠳᠤᠮᠳᠠᠳᠤ ᠤᠯᠤᠰ ᠤᠨ ᠡᠷᠡᠭᠲᠡᠢ   ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ   ᠶᠢᠨ ᠠᠩᠭᠢ   ᠶᠢᠨ ᠤᠤᠯ ᠤᠨ ᠳᠠᠰᠬᠠᠯᠵᠢᠭᠤᠯᠤᠭᠴᠢ᠂ ᠴᠧᠩᠳᠦ᠋ ᠶᠡᠭᠡ ᠰᠤᠷᠭᠠᠭᠤᠯᠢ ᠶᠢᠨ ᠦᠨᠳᠣᠷ ᠵᠡᠷᠬᠡ ᠶᠢᠨ ᠲᠠᠮᠢᠷ ᠤᠨ ᠠᠩᠭᠢ ᠶᠢᠨ ᠭᠤᠣᠯ ᠳᠠᠰᠬᠠᠯᠵᠢᠭᠤᠯᠤᠭᠴᠢ᠂ ᠴᠧᠩᠳᠦ᠋   ᠶᠢᠨ ᠷᠦᠩ ᠴᠧᠩ ᠺᠯᠦ᠋ᠪ ᠤᠨ ᠡᠮᠡᠭᠲᠡᠢ   ᠶᠢᠨ ᠠᠩᠭᠢ   ᠶᠢᠨ ᠭᠤᠣᠯ ᠳᠠᠰᠬᠠᠯᠵᠢᠭᠤᠯᠤᠭᠴᠢ ᠱᠠᠨ ᡁᠢ ᠫᠢᠩ᠂ ᠤᠯᠤᠰ ᠤᠨ ᠳᠡᠰ ᠤᠨ ᠠᠪᠤᠷᠭᠤ ᠲᠠᠮᠢᠷᠴᠢᠨ᠂ ᠳᠤᠮᠳᠠᠳᠤ ᠤᠯᠤᠰ ᠤᠨ ᠡᠷᠡᠭᠲᠡᠢ   ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ   ᠶᠢᠨ ᠠᠩᠭᠢ   ᠶᠢᠨ ᠤᠤᠯ ᠤᠨ ᠳᠠᠷᠤᠭ᠎ᠠ ᠵᠠᠩ ᠶᠠ ᠮᠧᠩ ᠡᠬᠢᠯᠠᠯᠳᠠ ᠶᠢᠨ ᠶᠣᠰᠣᠯᠠᠯ ᠳᠤ ᠣᠷᠣᠯᠴᠠᠵᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠳ᠋ᠧ ᠰᠢᠨ ᠡᠬᠢᠯᠠᠯᠳᠠ ᠶᠢᠨ ᠶᠣᠰᠣᠯᠠᠯ ᠢ ᠡᠷᠭᠢᠯᠡᠵᠡᠶ᠃
  ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠢ᠃ ᠲᠡᠷᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠵᠣᠴᠢᠳ ᠵᠢᠴᠢ ᠪᠥᠬᠦ ᠲᠠᠮᠢᠷᠴᠢᠳ᠂ ᠰᠤᠷᠭᠠᠭᠴᠢ᠂ ᠬᠢᠨᠠᠭᠴᠢ ᠪᠣᠯᠣᠨ ᠡᠯ᠎ᠡ ᠱᠠᠲᠤᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠲᠣᠰ ᠤᠳᠠᠭᠠᠨ ᠤ ᠠᠵᠢᠯᠯᠠᠭ᠎ᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠪᠠᠷᠠᠭᠤᠨ ᠦᠵᠦᠮᠦᠴᠢᠨ ᠬᠤᠰᠢᠭᠤᠨ ᠤ ᠢ ᠯᠥᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠳᠤ ᠲᠠᠯᠠᠷᠬᠠᠯ ᠢᠶᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠯ ᠪᠥᠮᠪᠦᠭᠡ ᠪᠣᠯ ᠳᠡᠯᠡᠬᠡᠢ ᠶᠢᠨ ᠴᠢᠨᠠᠷᠲᠠᠢ ᠪᠡᠶ᠎ᠡ ᠲᠠᠮᠢᠷ ᠤᠨ ᠬᠥᠳᠡᠯᠭᠡᠭᠡᠨ ᠪᠠᠶᠢᠵᠦ᠂ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠪᠡᠶ᠎ᠡ ᠲᠠᠮᠢᠷ ᠤᠨ ᠬᠥᠳᠡᠯᠭᠡᠭᠡᠨ ᠮᠥᠨ᠃ ᠲᠣᠰ ᠤᠳᠠᠭᠠᠨ ᠤ ᠤᠷᠤᠯᠳᠤᠭᠠᠨ ᠪᠣᠯ ᠪᠠᠷᠠᠭᠤᠨ ᠦᠵᠦᠮᠦᠴᠢᠨ ᠬᠤᠰᠢᠭᠤᠨ ᠤ ︽ᠪᠡᠶ᠎ᠡ ᠶᠢᠨ ᠲᠠᠮᠢᠷ + ᠵᠢᠭᠤᠯᠴᠢᠯᠠᠯ︾ ᠤᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠪᠥᠬᠦ ᠣᠷᠣᠨ ᠪᠦᠰᠡ᠂ ᠪᠥᠬᠦ ᠤᠯᠠᠷᠢᠯ ᠤᠨ᠂ ᠪᠥᠬᠦ ᠡᠵᠡᠩᠨᠡᠯᠲᠡ ᠶᠢᠨ ᠬᠡᠯᠪᠡᠷᠢ ᠶᠢᠨ ᠵᠢᠭᠤᠯᠴᠢᠯᠠᠯ ᠪᠠ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠴᠢᠬᠤᠯᠠ ᠲᠦᠯᠬᠢᠴᠠ ᠬᠦᠴᠦᠨ ᠪᠤᠯᠤᠨ᠎ᠠ᠃ ᠪᠠᠷᠠᠭᠤᠨ ᠦᠵᠦᠮᠦᠴᠢᠨ ᠬᠤᠰᠢᠭᠤ ᠨᠢ ᠤᠷᠤᠯᠳᠤᠭᠠᠨ ᠳᠤ  ᠤᠷᠤᠯᠴᠠᠭᠰᠠᠳ ᠲᠤ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠭᠤᠶᠤ ᠰᠠᠶᠢᠬᠠᠨ ᠣᠷᠴᠢᠨ᠂ ᠬᠠᠮᠤᠭ ᠤᠨ ᠪᠦᠷᠢᠨ ᠲᠡᠭᠦᠯᠳᠡᠷ  ᠨᠦᠬᠦᠴᠠᠯ ᠬᠠᠩᠭᠠᠵᠤ ᠪᠤᠯᠤᠨ᠎ᠠ ᠬᠡᠵᠡᠢ᠃     ᠬᠢᠨᠠᠭᠴᠢ ᠶᠢᠨ ᠲᠥᠯᠥᠭᠡᠯᠡᠭᠴᠢ ᠪᠣᠯᠣᠨ ᠲᠠᠮᠢᠷᠴᠢᠨ ᠤ ᠲᠥᠯᠥᠭᠡᠯᠡᠭᠴᠢ ᠲᠠᠩᠭᠠᠷᠢᠭᠯᠠᠪᠠ᠃      ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠣᠨ ᠬᠦᠨᠳᠦᠲᠦ ᠵᠣᠴᠢᠳ  ᠬᠠᠮᠳᠣᠪᠠᠷ  ᠪᠠᠷᠠᠭᠤᠨ ᠦᠵᠦᠮᠦᠴᠢᠨ ᠬᠤᠰᠢᠭᠤᠨ ᠤ ︽ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠬᠤᠨᠳᠠᠭᠠᠲᠤ︾  ᠪᠥᠬᠦ ᠤᠯᠤᠰ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠪᠠ᠃     ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ  ᠢ ᠤᠯᠠᠮ ᠪᠢᠯᠬᠠᠮ᠎ᠠ ᠪᠤᠯᠭᠠᠵᠡᠢ᠃     ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠵᠢᠯᠤᠭᠤᠳᠴᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ  ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ   ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ  ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠬᠠᠮᠵᠢᠯᠴᠠᠨ ᠡᠷᠭᠢᠯᠡᠪᠡ     ᠤᠷᠤᠯᠳᠣᠭᠠᠨ ᠤ ᠠᠩᠬᠠᠨ ᠤ ᠭᠦᠰᠢᠬᠡ ᠶᠢ ᠰᠢᠯᠢ ᠶᠢᠨ ᠭᠤᠣᠯ ᠠᠶᠢᠮᠠᠭ ᠤᠨ ᠵᠢᠦᠢ ᠯᠢ  ᠪᠦᠮᠪᠦᠭᠡ ᠶᠢᠨ ᠠᠩᠭᠢ ᠪᠣᠯᠣᠨ ᠪᠠᠷᠠᠭᠤᠨ ᠰᠦᠨᠢᠳ ᠬᠤᠰᠢᠭᠤᠨ ᠤ ᠬᠢᠯᠤᠬᠡᠨ ᠪᠦᠮᠪᠦᠭᠡ ᠶᠢᠨ ᠠᠩᠭᠢ ᠠᠴᠠ  ᠡᠬᠢᠯᠠᠬᠦᠯᠦᠨ᠂  ᠤᠷᠤᠯᠳᠣᠭᠠᠨ   ᠨᠢ ᠢᠳᠠ ᠭᠦᠭ ᠲᠠᠢ ᠶᠠᠪᠤᠭᠳᠠᠵᠦ  ᠡᠬᠢᠯᠠᠵᠡᠢ᠃
    ᠳᠤᠮᠳᠠᠳᠤ ᠤᠯᠤᠰ ᠤᠨ ᠲᠠᠪᠤᠨ ᠬᠥᠮᠥᠨ ᠤ ᠳᠦᠷᠢᠮᠲᠦ ᠤᠯᠤᠰ ᠤᠨ ᠠᠩᠭᠢ   ᠶᠢᠨ ᠤᠤᠯ ᠤᠨ ᠭᠡᠰᠢᠭᠦᠨ ᠥᠪᠥᠷ ᠮᠣᠩᠭᠤᠯ ᠤᠨ ᠠᠵᠢᠨᠠᠢ FC ᠠᠩᠭᠢ   ᠶᠢᠨ ᠭᠡᠰᠢᠭᠦᠨ ᠬᠢᠴᠢᠶᠠᠯᠳᠣ᠄ ︽ᠪᠢ ᠪᠣᠯ ᠥᠪᠥᠷ ᠮᠣᠩᠭᠤᠯ ᠤᠨ ᠠᠵᠢᠨᠠᠢ ᠬᠦᠯᠦᠭ ᠬᠥᠯ ᠪᠥᠮᠪᠦᠭᠡ ᠶᠢᠨ ᠺᠯᠦ᠋ᠪ ᠤᠨ ᠬᠡᠰᠢᠬᠦᠨ ᠪᠤᠯᠤᠨ᠎ᠠ᠂ ᠪᠠᠷᠠᠭᠤᠨ ᠦᠵᠦᠮᠦᠴᠢᠨ ᠬᠤᠰᠢᠭᠤᠨ ᠳᠤ ᠢᠷᠡᠵᠤ ᠡᠨᠡ ᠤᠳᠠᠭ᠎ᠠ ᠶᠢᠨ ᠤᠷᠤᠯᠳᠤᠭᠠᠨ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠡᠮᠦᠨᠡᠬᠢ ᠬᠤᠭᠤᠴᠠᠭᠠᠨ ᠤ ᠪᠡᠯᠡᠳᠬᠡᠯ ᠨᠢ ᠴᠦ ᠮᠠᠰᠢ ᠭᠦᠢᠴᠡᠳ᠂ ᠮᠥᠨ ᠴᠦ ᠡᠨᠡ ᠬᠦ ᠤᠷᠤᠯᠳᠤᠭᠠᠨ ᠢ ᠨᠡᠯᠢᠶᠡᠳ ᠴᠢᠬᠤᠯᠠᠴᠢᠯᠠᠨ ᠦᠵᠡᠵᠦ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠳᠤ ᠢᠷᠡᠭᠰᠡᠨ ᠳᠡᠭᠡᠨ ᠮᠠᠰᠢ ᠪᠠᠶᠠᠷᠯᠠᠵᠦ ᠪᠠᠶᠢᠨ᠎ᠠ  ᠃ ᠠᠳᠡᠬᠢ ᠶᠢᠨ ᠦᠩᠬᠡ ᠦᠵᠡᠮᠵᠢ ᠮᠠᠰᠢ ᠭᠤᠶᠤ᠂ 99 ᠨᠣᠮᠧᠷᠲᠤ ᠠᠶᠠᠯᠠᠯ ᠤᠨ ᠵᠠᠮ ᠲᠠᠭᠠᠤ ᠮᠠᠰᠢ ᠭᠤᠶᠤ᠂ ᠬᠠᠮᠤᠭ ᠰᠠᠬᠦᠯ ᠳᠤ ᠡᠨᠡ ᠤᠳᠠᠭᠠᠨ ᠤ ᠤᠷᠤᠯᠳᠤᠭᠠᠨ ᠤ ᠲᠡᠭᠦᠰ ᠠᠮᠵᠢᠯᠲᠠ ᠲᠠᠢ ᠪᠣᠯᠬᠤ ᠶᠢ ᠵᠥᠩᠨᠡᠨ ᠪᠡᠯᠭᠡᠳᠡᠶ᠎ᠡ︾ ᠭᠡᠯ᠎ᠡ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号