ᠶᠣᠣ ᠬᠤᠩ ᠭᠠᠩ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠪᠣᠯᠣᠨ ᠡᠪᠡᠰᠦ ᠪᠣᠷᠳᠤᠭ᠎ᠠ ᠨᠥᠭᠡᠴᠡᠯᠡᠬᠦ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ᠂ ᠡᠪᠡᠰᠦ ᠪᠣᠷᠳᠤᠭ᠎ᠠ ᠨᠥᠭᠡᠴᠡᠯᠡᠬᠦ  ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠵᠢᠭᠠᠭᠰᠠᠨ ᠨᠢ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠪᠣᠯᠣᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠡ ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠬᠦ ᠬᠡᠷᠡᠭᠲᠡᠢ ᠭᠡᠵᠡᠢ᠃
    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠨᠢᠭᠡᠨᠲᠡ ᠰᠢᠪᠲᠤᠷᠭᠠᠨ ᠳᠠᠭᠠᠨ ᠣᠷᠣᠵᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳ᠋ᠦᠩᠨᠡᠬᠦ ᠪᠠ ᠰᠢᠯᠭᠠᠨ ᠬᠦᠯᠢᠶᠡᠵᠦ ᠠᠪᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠳᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠰᠢᠯᠢᠳᠡᠭ ᠲᠤᠷᠰᠢᠯᠭ᠎ᠠ ᠶᠢ ᠬᠠᠩᠭᠠᠬᠤ ᠬᠡᠷᠡᠭᠲᠡᠢ᠃ ᠬᠤᠶᠠᠷ ᠲᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ  ᠵᠣᠭᠰᠣᠭᠠᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠣᠷᠣᠨ ᠤ ᠮᠠᠯᠵᠢᠬᠤ ᠡᠷᠦᠬᠡ᠂ ᠮᠠᠯ ᠤᠨᠤᠭ᠎ᠠ᠂ ᠰᠠᠭᠤᠷᠢ ᠪᠡᠯᠡᠳᠬᠡᠮᠵᠢ ᠵᠡᠷᠭᠡ ᠳᠤ ᠲᠠᠩᠰᠠᠴᠢᠯᠠᠭᠰᠠᠨ ᠬᠠᠮᠢᠶᠠᠷᠤᠯᠲᠠ ᠶᠠᠪᠤᠭᠤᠯᠵᠤ᠂ 11 ᠰᠠᠷ᠎ᠠ ᠶᠢᠨ 1 ᠤ ᠡᠳᠦᠷ ᠠᠴᠠ ᠡᠮᠦᠨ᠎ᠡ ᠲᠥᠷᠥᠯ ᠵᠦᠢᠯ ᠤᠨ ᠣᠷᠣᠨ ᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠵᠣᠭᠰᠣᠭᠠᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠣᠷᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠭᠤᠷᠪᠠ ᠳᠤ ᠮᠠᠯ ᠤᠨ ᠭᠠᠷᠭᠠᠯᠲᠠ ᠶᠢᠨ ᠠᠵᠢᠯ ᠢ ᠲᠦᠷᠭᠡᠳᠬᠡᠵᠦ᠂ ᠡᠯ᠎ᠡ ᠰᠤᠮᠤ ᠪᠠᠯᠭᠠᠰᠤ ᠨᠢ ᠭᠠᠴᠠᠭ᠎ᠠ᠂ ᠮᠠᠯᠵᠢᠬᠤ ᠡᠷᠦᠬᠡ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠮᠠᠯᠵᠢᠬᠤ ᠡᠷᠦᠬᠡ ᠶᠢᠨ ᠴᠥᠬᠡᠨ ᠮᠠᠯᠵᠢᠵᠦ ᠨᠠᠷᠢᠯᠢᠭ ᠠᠷᠠᠴᠢᠯᠠᠬᠤ ᠶᠢ ᠬᠥᠲᠥᠯᠦᠨ ᠵᠢᠯᠣᠭᠤᠳᠴᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ  ᠳᠡᠪᠰᠢᠭᠦᠯᠬᠦ ᠶᠢ ᠠᠬᠢᠭᠤᠯᠵᠤ᠂ ᠪᠥᠬᠦ ᠨᠡᠶᠢᠭᠡᠮ ᠳᠤ ᠨᠤᠲᠤᠭ ᠪᠡᠯᠴᠢᠭᠡᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠡᠢ᠃      ᠬᠤᠰᠢᠭᠤ ᠳᠡᠳ᠋ ᠳᠠᠷᠤᠭ᠎ᠠ ᠷᠧᠨ ᠳ᠋ᠧ ᠰᠢᠨ᠂ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号