ᠭᠤᠷᠤᠬᠠᠨ ᠪᠠᠯᠭᠠᠰᠤ
ᠨᠡᠶᠢᠲᠡᠯᠡᠭᠰᠡᠨ ᠴᠠᠭ᠄
2024/9/3
   1. ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠱᠤᠭᠤᠮ᠂ ᠴᠢᠭᠯᠡᠯᠲᠡ᠂ ᠲᠦᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ᠂ ᠳᠦᠷᠢᠮ ᠲᠣᠭᠲᠠᠭᠠᠯ ᠢ ᠰᠠᠶᠢᠲᠤᠷ ᠤᠬᠠᠭᠤᠯᠤᠨ ᠨᠠᠶᠢᠳᠠᠪᠤᠷᠢᠵᠢᠭᠤᠯᠤᠨ᠎ᠠ᠃ ᠮᠠᠯᠵᠢᠬᠤ ᠣᠷᠣᠨ ᠤ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠲᠣᠭᠲᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠤᠨ᠎ᠠ᠃ ᠭᠠᠴᠠᠭᠠᠨ ᠤ ᠠᠷᠠᠳ ᠤᠨ ᠵᠥᠪᠯᠡᠯ ᠢ ᠵᠢᠯᠤᠭᠤᠳᠬᠤ ᠪᠠᠨ ᠴᠢᠩᠭᠠᠳᠬᠠᠵᠤ᠂ ᠭᠠᠴᠠᠭᠠᠨ ᠤ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ ᠪᠣᠶᠢᠵᠢᠭᠤᠯᠤᠨ᠎ᠠ᠃    2. ᠬᠥᠭᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠣᠷᠴᠢᠨ ᠲᠣᠭᠤᠷᠢᠨ ᠢ ᠰᠠᠶᠢᠲᠤᠷ ᠪᠣᠶ ᠪᠣᠯᠭᠠᠵᠤ᠂ ᠰᠤᠮᠦᠨ ᠤ ᠣᠷᠣᠨ ᠪᠦᠰᠡ ᠶᠢᠨ ᠣᠨᠴᠠᠯᠢᠭ ᠢ ᠲᠣᠪᠤᠶᠢᠯᠭᠠᠨ᠂ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ ᠠᠵᠤ ᠠᠬᠤᠢ ᠶᠢ ᠬᠦᠭᠵᠢᠬᠦᠯᠦᠨ᠎ᠡ᠃ ᠮᠠᠯᠵᠢᠬᠤ ᠣᠷᠣᠨ ᠤ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠴᠢᠳᠠᠮᠵᠢ ᠶᠢ ᠪᠣᠶᠢᠵᠢᠭᠤᠯᠤᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠦᠢᠯᠭᠡᠭᠡᠨ ᠢ ᠠᠮᠢᠳᠤᠯᠢᠭ ᠪᠣᠯᠭᠠᠨ᠂ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠂ ᠮᠠᠯᠴᠢᠳ ᠢ ᠬᠥᠲᠥᠯᠥᠨ ᠵᠢᠯᠤᠭᠤᠳᠴᠤ ᠣᠲᠣ ᠦᠶ᠎ᠡ ᠶᠢᠨ ᠮᠠᠯ ᠠᠵᠤ ᠠᠬᠤᠢ ᠶᠢ ᠬᠦᠭᠵᠢᠬᠦᠯᠦᠨ᠎ᠡ᠃ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠬᠦ ᠪᠠ ᠠᠵᠢᠯ ᠣᠯᠭᠤᠬᠤ ᠶᠢ ᠰᠠᠶᠢᠲᠤᠷ ᠠᠳᠬᠤᠨ᠎ᠠ᠃    3. ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ︾᠎ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠪᠠ ᠬᠠᠮᠠᠭᠠᠯᠠᠬᠤ ᠲᠠᠢ ᠨᠢᠭᠲᠠ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠲᠣᠪᠤᠶᠢᠯᠭᠠᠨ ᠰᠢᠢᠳᠪᠦᠷᠢᠯᠡᠵᠦ᠂ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠪᠠ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ ᠪᠠᠬᠢᠵᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠬᠠᠮᠢᠶᠠᠷᠬᠤ ᠠᠵᠢᠯ ᠢ ᠴᠢᠩᠭᠠᠳᠬᠠᠨ᠎ᠠ᠃ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠴᠢᠩᠭᠠᠳᠬᠠᠵᠤ᠂ ᠮᠠᠯᠵᠢᠬᠤ ᠣᠷᠣᠨ ᠤ ᠵᠥᠷᠢᠴᠡᠯ ᠢ ᠠᠷᠢᠯᠭᠠᠬᠤ᠂ ᠮᠠᠯᠵᠢᠬᠤ ᠣᠷᠣᠨ ᠤ ᠶᠠᠳᠠᠭᠤ ᠶᠢ ᠲᠡᠳᠬᠦᠬᠦ ᠪᠠ ᠨᠡᠶᠢᠭᠡᠮ  ᠤᠨ  ᠠᠪᠤᠷᠠᠨ ᠲᠤᠰᠠᠯᠠᠬᠤ  ᠶᠢ ᠥᠷᠨᠢᠭᠦᠯᠵᠦ᠂ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠂ ᠮᠠᠯᠵᠢᠬᠤ ᠣᠷᠣᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃   4. ᠬᠠᠮᠢᠶᠠᠷᠤᠯᠲᠠ ᠪᠠᠨ ᠴᠢᠩᠭᠠᠳᠬᠠᠨ᠎ᠠ᠃ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ ᠪᠠ ᠮᠠᠯᠵᠢᠬᠤ ᠣᠷᠣᠨ ᠤ ᠲᠥᠯᠦᠪᠵᠢᠭᠦᠯᠭᠡ ᠵᠡᠷᠭᠡ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠨ᠎ᠡ᠃ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠮᠠᠯᠴᠢᠳ ᠤᠨ ᠳᠠᠷᠤᠭᠠᠰᠤ ᠶᠢᠨ ᠬᠢᠨᠠᠯᠲᠠ ᠬᠠᠮᠢᠶᠠᠷᠤᠯᠲᠠ᠂ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃   5. ᠦᠢᠯᠡᠴᠢᠯᠡᠭᠡ ᠬᠠᠩᠭᠠᠨ᠎ᠠ᠃ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠬᠥᠭᠵᠢᠭᠦᠯᠦᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠨᠡᠶᠢᠭᠡᠮᠯᠢᠭ ᠪᠠ ᠮᠠᠯᠵᠢᠬᠤ ᠣᠷᠣᠨ ᠤ ᠲᠤᠰᠬᠠᠢ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠬᠥᠭᠵᠢᠭᠦᠯᠦᠨ᠎ᠡ᠃ ᠮᠠᠯᠵᠢᠬᠤ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠬᠠᠮᠲᠤ ᠶᠢᠨ ᠨᠡᠶᠢᠲᠡ ᠶᠢᠨ ᠠᠰᠠᠷᠠᠮᠵᠢ ᠶᠢᠨ ᠲᠦᠷᠦ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠪᠠ ᠨᠡᠶᠢᠭᠡᠮ ᠤᠨ ᠲᠡᠳᠬᠦᠮᠵᠢ᠂ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠲᠤᠰᠬᠠᠵᠤ᠂ ᠨᠠᠮ ᠪᠠ ᠵᠠᠰᠠᠭ ᠤᠨ ᠣᠷᠳᠣᠨ ᠬᠢᠭᠡᠳ ᠠᠷᠠᠳ ᠤᠯᠠᠨ ᠤ ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号