1. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠪᠠ ᠦᠨᠡᠯᠡᠨ ᠵᠢᠱᠢᠬᠦ ᠠᠵᠢᠯ ᠤᠨ | ᠲᠥᠯᠦᠪᠵᠢᠭᠦᠯᠭᠡ᠂ ᠲᠥᠯᠥᠪᠯᠡᠭᠡ ᠪᠠ ᠲᠥᠰᠥᠯ ᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠰᠤᠷᠭᠠᠨ | ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 2. ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠤᠷᠭᠠᠨ | ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ | ᠵᠢᠯᠣᠭᠤᠳᠤᠨ᠎ᠠ᠃ | 3. ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠠᠬᠢᠭᠤᠯᠬᠤ ᠵᠢᠴᠢ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠳᠤ | ᠵᠢᠯᠣᠭᠤᠳᠤᠯᠭ᠎ᠠ᠂ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠯᠲᠡ ᠬᠢᠨ᠎ᠡ᠃ | 4. ᠪᠦᠭᠦ ᠬᠤᠰᠢᠭᠤᠨ ᠤ ᠳᠤᠮᠳᠠ ᠵᠡᠷᠭᠡ ᠶᠢᠨ ᠪᠠ ᠳᠤᠮᠳᠠ ᠵᠡᠷᠭᠡ ᠠᠴᠠ ᠳᠣᠷᠣᠭᠰᠢᠬᠢ ᠡᠯ᠎ᠡ ᠲᠦᠷᠤᠯ ᠤᠨ | ᠰᠤᠷᠭᠠᠭᠤᠯᠢ ᠪᠣᠯᠣᠨ ᠨᠡᠶᠢᠭᠡᠮ ᠤᠨ ᠬᠦᠴᠦᠨ ᠤ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ | ᠰᠤᠷᠭᠠᠭᠤᠯᠢ ᠡᠷᠭᠢᠯᠡᠭᠦ ᠴᠢᠭᠯᠡᠯ᠂ ᠰᠤᠷᠭᠠᠭᠤᠯᠢ ᠡᠷᠭᠢᠯᠡᠭᠦ ᠶᠠᠰᠤ ᠴᠢᠨᠠᠷ ᠲᠤ ᠦᠨᠡᠯᠡᠯᠲᠡ ᠬᠢᠨ᠎ᠡ᠃ | 5. ᠪᠥᠬᠦ ᠬᠤᠰᠢᠭᠤᠨ ᠤ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃ | 6. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠲᠣᠬᠢᠷᠠᠭᠤᠯᠤᠯᠲᠠ᠂ ᠰᠤᠷᠭᠠᠭᠤᠯᠢ ᠶᠢᠨ | ᠪᠠᠶᠢᠷᠢᠯᠠᠭᠤᠯᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠵᠢᠴᠢ ᠬᠢᠨᠠᠨ ᠵᠢᠯᠤᠭᠤᠳᠬᠤ ᠶᠢ ᠬᠦᠯᠢᠶᠡᠭᠰᠡᠨ | ᠰᠤᠷᠭᠠᠭᠤᠯᠢ ᠶᠢᠨ ᠵᠠᠬᠢᠷᠤᠯ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠤᠴᠢᠷ ᠶᠠᠪᠤᠳᠠᠯ ᠳᠤ | ᠰᠠᠨᠠᠯ ᠰᠠᠨᠠᠭᠤᠯᠭ᠎ᠠ ᠳᠤᠷᠠᠳᠤᠨ᠎ᠠ᠃ | 7. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠳᠤ | ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ᠂ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠪᠠᠶᠢᠳᠠᠯ ᠢᠶᠠᠨ ᠮᠡᠳᠡᠭᠦᠯᠵᠦ᠂ ᠲᠤᠰᠬᠠᠵᠤ᠂ ᠰᠠᠨᠠᠭᠤᠯᠭ᠎ᠠ | ᠭᠠᠷᠭᠠᠨ᠎ᠠ ᠃ | 8. ᠰᠤᠷᠭᠠᠨ ᠬᠥᠮᠦᠵᠢᠯ ᠤᠨ ᠭᠤᠣᠯᠳᠠᠯᠭ᠎ᠠ ᠪᠠ ᠬᠠᠯᠠᠭᠤᠨ ᠴᠡᠭ ᠤᠨ ᠠᠰᠠᠭᠤᠳᠠᠯ ᠵᠡᠷᠭᠡ ᠠᠵᠢᠯ ᠢ ᠲᠤᠰᠬᠠᠢ | ᠱᠠᠭᠠᠷᠳᠠᠨ ᠵᠢᠯᠣᠭᠤᠳᠤᠨ᠎ᠠ᠃ | 9. ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ | ᠴᠢᠨᠠᠷ ᠤᠨ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 10. ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃ | 11. ᠬᠢᠨᠠᠨ ᠵᠢᠯᠤᠭᠤᠳᠬᠤ ᠠᠵᠢᠯᠲᠠᠳ ᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠳᠠᠪᠲᠠᠨ ᠪᠣᠯᠪᠠᠰᠤᠷᠠᠭᠤᠯᠤᠨ᠎ᠠ | ᠃ | 12᠂ ᠰᠢᠮᠳᠠᠭᠤᠯᠤᠨ ᠵᠢᠯᠤᠭᠤᠳᠬᠤ ᠲᠤᠷᠰᠢᠯᠭ᠎ᠠ ᠪᠠᠨ ᠳ᠋ᠦᠩᠨᠡᠵᠦ᠂ ᠰᠢᠮᠳᠠᠭᠤᠯᠤᠨ ᠵᠢᠯᠤᠭᠤᠳᠬᠤ ᠮᠠᠲ᠋ᠧᠷᠢᠶᠠᠯ ᠢᠶᠠᠨ | ᠬᠤᠷᠠᠮᠳᠤᠭᠤᠯᠤᠨ᠂ ᠰᠢᠮᠳᠠᠭᠤᠯᠤᠨ ᠵᠢᠯᠤᠭᠤᠳᠬᠤ ᠲᠠᠩᠰᠠ ᠡᠪᠬᠡᠮᠡᠯ ᠪᠠᠶᠢᠭᠤᠯᠤᠨ᠎ᠠ᠃ | |