ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠤᠭᠤᠳᠬᠤ ᠲᠠᠰᠤᠭ
ᠨᠡᠶᠢᠲᠡᠯᠡᠭᠰᠡᠨ ᠴᠠᠭ᠄
2024/9/3
1. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠪᠠ ᠦᠨᠡᠯᠡᠨ ᠵᠢᠱᠢᠬᠦ ᠠᠵᠢᠯ ᠤᠨ ᠲᠥᠯᠦᠪᠵᠢᠭᠦᠯᠭᠡ᠂ ᠲᠥᠯᠥᠪᠯᠡᠭᠡ ᠪᠠ ᠲᠥᠰᠥᠯ ᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃2. ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠤᠷᠭᠠᠨ ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠤᠨ᠎ᠠ᠃3. ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠵᠢᠴᠢ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠳᠤ ᠵᠢᠯᠣᠭᠤᠳᠤᠯᠭ᠎ᠠ᠂ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠯᠲᠡ ᠬᠢᠨ᠎ᠡ᠃4. ᠪᠦᠭᠦ ᠬᠤᠰᠢᠭᠤᠨ ᠤ ᠳᠤᠮᠳᠠ ᠵᠡᠷᠭᠡ ᠶᠢᠨ ᠪᠠ ᠳᠤᠮᠳᠠ ᠵᠡᠷᠭᠡ ᠠᠴᠠ ᠳᠣᠷᠣᠭᠰᠢᠬᠢ ᠡᠯ᠎ᠡ ᠲᠦᠷᠤᠯ ᠤᠨ ᠰᠤᠷᠭᠠᠭᠤᠯᠢ ᠪᠣᠯᠣᠨ ᠨᠡᠶᠢᠭᠡᠮ ᠤᠨ ᠬᠦᠴᠦᠨ ᠤ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠭᠦ ᠴᠢᠭᠯᠡᠯ᠂ ᠰᠤᠷᠭᠠᠭᠤᠯᠢ ᠡᠷᠭᠢᠯᠡᠭᠦ ᠶᠠᠰᠤ ᠴᠢᠨᠠᠷ ᠲᠤ ᠦᠨᠡᠯᠡᠯᠲᠡ ᠬᠢᠨ᠎ᠡ᠃5. ᠪᠥᠬᠦ ᠬᠤᠰᠢᠭᠤᠨ ᠤ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃6. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠲᠣᠬᠢᠷᠠᠭᠤᠯᠤᠯᠲᠠ᠂ ᠰᠤᠷᠭᠠᠭᠤᠯᠢ ᠶᠢᠨ ᠪᠠᠶᠢᠷᠢᠯᠠᠭᠤᠯᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠵᠢᠴᠢ ᠬᠢᠨᠠᠨ ᠵᠢᠯᠤᠭᠤᠳᠬᠤ ᠶᠢ ᠬᠦᠯᠢᠶᠡᠭᠰᠡᠨ ᠰᠤᠷᠭᠠᠭᠤᠯᠢ ᠶᠢᠨ ᠵᠠᠬᠢᠷᠤᠯ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠤᠴᠢᠷ ᠶᠠᠪᠤᠳᠠᠯ ᠳᠤ ᠰᠠᠨᠠᠯ ᠰᠠᠨᠠᠭᠤᠯᠭ᠎ᠠ ᠳᠤᠷᠠᠳᠤᠨ᠎ᠠ᠃7. ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠪᠠᠶᠢᠳᠠᠯ ᠢᠶᠠᠨ ᠮᠡᠳᠡᠭᠦᠯᠵᠦ᠂ ᠲᠤᠰᠬᠠᠵᠤ᠂ ᠰᠠᠨᠠᠭᠤᠯᠭ᠎ᠠ ᠭᠠᠷᠭᠠᠨ᠎ᠠ  ᠃8. ᠰᠤᠷᠭᠠᠨ ᠬᠥᠮᠦᠵᠢᠯ ᠤᠨ ᠭᠤᠣᠯᠳᠠᠯᠭ᠎ᠠ ᠪᠠ ᠬᠠᠯᠠᠭᠤᠨ ᠴᠡᠭ ᠤᠨ ᠠᠰᠠᠭᠤᠳᠠᠯ ᠵᠡᠷᠭᠡ ᠠᠵᠢᠯ   ᠢ ᠲᠤᠰᠬᠠᠢ ᠱᠠᠭᠠᠷᠳᠠᠨ ᠵᠢᠯᠣᠭᠤᠳᠤᠨ᠎ᠠ᠃᡽ 9. ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃10. ᠳᠡᠭᠡᠳᠦ ᠱᠠᠲᠤᠨ  ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃11. ᠬᠢᠨᠠᠨ ᠵᠢᠯᠤᠭᠤᠳᠬᠤ ᠠᠵᠢᠯᠲᠠᠳ ᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠳᠠᠪᠲᠠᠨ ᠪᠣᠯᠪᠠᠰᠤᠷᠠᠭᠤᠯᠤᠨ᠎ᠠ 12᠂ ᠰᠢᠮᠳᠠᠭᠤᠯᠤᠨ ᠵᠢᠯᠤᠭᠤᠳᠬᠤ ᠲᠤᠷᠰᠢᠯᠭ᠎ᠠ ᠪᠠᠨ ᠳ᠋ᠦᠩᠨᠡᠵᠦ᠂ ᠰᠢᠮᠳᠠᠭᠤᠯᠤᠨ ᠵᠢᠯᠤᠭᠤᠳᠬᠤ ᠮᠠᠲ᠋ᠧᠷᠢᠶᠠᠯ ᠢᠶᠠᠨ ᠬᠤᠷᠠᠮᠳᠤᠭᠤᠯᠤᠨ᠂ ᠰᠢᠮᠳᠠᠭᠤᠯᠤᠨ ᠵᠢᠯᠤᠭᠤᠳᠬᠤ ᠲᠠᠩᠰᠠ ᠡᠪᠬᠡᠮᠡᠯ ᠪᠠᠶᠢᠭᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号