ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠢᠶᠠᠷ ᠰᠠᠶᠢᠲᠤᠷ ᠵᠠᠮᠨᠠᠵᠤ ᠰᠢᠯᠢ ᠶᠢᠨ ᠭᠤᠣᠯ ᠴᠠᠭᠠᠨ ᠢᠳᠡᠭᠡᠨ ᠤ ᠪᠣᠷᠤᠯᠠᠭᠤᠯᠭ᠎ᠠ ᠶᠢᠨ ᠦᠷᠳᠡᠭ ᠳ᠋ᠦᠡᠭᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/9/3
    ᠰᠤᠷᠪᠤᠯᠵᠢᠯᠠᠭᠴᠢ ᠠᠶᠢᠮᠠᠭ ᠤᠨ ᠨᠡᠷᠡᠳᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠲᠥᠪ ᠠᠴᠠ ᠣᠶᠢᠯᠠᠭᠠᠭᠰᠠᠨ ᠢᠶᠠᠷ᠂ 8 ᠰᠠᠷ᠎ᠠ ᠶᠢᠨ ᠡᠬᠢ ᠪᠤᠯᠳᠠᠯ᠎ᠠ᠂ ᠪᠦᠭᠦ ᠠᠶᠢᠮᠠᠭ ᠤᠨ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠡᠮᠳᠡᠭ ᠤᠨ ᠡᠷᠬᠡ ᠣᠯᠭᠤᠭᠰᠠᠨ 69 ᠡᠵᠡᠩᠨᠡᠯᠲᠡ ᠶᠢᠨ ᠭᠤᠣᠯ ᠴᠣᠭᠴᠠ ᠨᠡᠶᠢᠳᠡ 1600 ᠭᠠᠷᠤᠢ ᠲᠤᠨ ᠴᠠᠭᠠᠨ ᠢᠳᠡᠭᠡ ᠦᠢᠯᠡᠳᠪᠦᠷᠢᠯᠡᠵᠦ᠂ ᠪᠣᠷᠤᠯᠠᠭᠤᠯᠭ᠎ᠠ ᠶᠢᠨ ᠶᠡᠷᠦᠩᠬᠡᠢ ᠦᠷᠳᠡᠭ 1 ᠳ᠋ᠦᠡᠭᠰᠢᠭᠤᠷ ᠲᠥᠭᠦᠷᠢᠭ ᠢ ᠳᠠᠪᠠᠵᠠᠢ᠃          ᠨᠢᠳᠤᠨᠤᠨ ᠤ 9 ᠰᠠᠷ᠎ᠠ ᠳᠤ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠡᠮᠳᠡᠭ ᠨᠢ ᠭᠦᠬᠡᠬᠤᠳᠠ ᠳᠤ ᠵᠢᠩᠬᠢᠨᠢ ᠪᠠᠷ ᠭᠠᠳᠠᠭᠰᠢ ᠨᠡᠶᠢᠲᠡᠯᠡᠭᠳᠡᠵᠦ᠂ ᠠᠩᠬᠠᠳᠠᠭᠴᠢ ᠬᠤᠰᠢᠭᠤᠴᠢ ᠳᠡᠯᠭᠡᠭᠦᠷ ᠡᠷᠦᠭᠡ ᠪᠠᠨ ᠰᠡᠬᠦᠨ᠂ ᠥᠷᠭᠡᠨ ᠤᠯᠠᠨ ᠬᠤᠳᠠ ᠶᠢᠨ ᠠᠷᠠᠳ ᠪᠣᠯᠣᠨ ᠵᠢᠭᠤᠯᠴᠢᠯᠠᠭᠴᠢ ᠶᠢᠨ ᠠᠩᠬᠠᠷᠤᠯ ᠢ ᠲᠠᠲᠠᠪᠠ᠃ ︽ᠡᠨᠡ ᠪᠣᠯ ᠭᠠᠳᠠᠭᠠᠳᠤ ᠤᠯᠤᠰ ᠤᠨ ᠨᠢᠭᠡᠨ ᠵᠢᠭᠤᠯᠴᠢᠯᠠᠭᠴᠢ ᠴᠠᠭᠠᠨ ᠢᠳᠡᠭᠡ ᠶᠢ ᠠᠮᠰᠠᠵᠤ ᠪᠠᠶᠢᠭ᠎ᠠ ᠪᠢᠴᠢᠯᠭᠡ ᠪᠣᠯᠣᠨ᠎ᠠ᠂ ᠪᠢᠳᠡᠨ ᠤ ᠴᠠᠭᠠᠨ ᠢᠳᠡᠭᠡ ᠲᠡᠭᠦᠨ ᠳᠤ ᠮᠠᠰᠢ ᠲᠠᠭᠠᠯᠠᠭᠳᠠᠵᠤ ᠪᠠᠶᠢᠯ᠎ᠠ᠂ ᠬᠠᠭᠠᠰ ᠵᠢᠯ ᠭᠠᠷᠤᠢ ᠶᠢᠨ ᠲᠤᠷᠰᠢ ᠰᠢᠯᠢ ᠶᠢᠨ ᠭᠤᠣᠯ ᠴᠠᠭᠠᠨ ᠢᠳᠡᠭᠡᠨ ᠤ ᠪᠣᠷᠤᠯᠠᠭᠤᠯᠭ᠎ᠠ ᠦᠷᠭᠦᠯᠵᠢᠯᠡᠨ ᠰᠠᠶᠢᠵᠢᠷᠠᠵᠤ ᠪᠠᠶᠢᠭ᠎ᠠ ᠮᠥᠷᠲᠡᠭᠡᠨ ᠤᠯᠠᠨ ᠢᠶᠠᠷ ᠢᠶᠠᠨ ᠴᠥᠮ ᠰᠠᠶᠢᠨ ᠦᠨᠡᠯᠡᠯᠲᠡ ᠥᠭᠴᠦ ᠪᠠᠶᠢᠨ᠎ᠠ︾ ᠭᠡᠵᠦ ᠭᠦᠬᠡᠬᠤᠳᠠ ᠶᠢᠨ 4 ᠰᠢᠯᠢ ᠶᠢᠨ ᠭᠤᠣᠯ ᠴᠠᠭᠠᠨ ᠢᠳᠡᠭᠡᠨ ᠤ ᠲᠤᠰᠬᠠᠢ ᠡᠵᠡᠩᠨᠡᠯᠲᠡ ᠶᠢᠨ ᠳᠡᠯᠭᠡᠭᠦᠷ ᠤᠨ ᠬᠠᠷᠢᠭᠤᠴᠠᠯᠭᠠᠲᠠᠨ ᠸᠠᠩ ᠰᠢᠶᠣᠣ ᠸᠧᠢ ᠶᠠᠷᠢᠨ᠎ᠠ᠃          ᠨᠢᠳᠤᠨᠤᠨ ᠵᠢᠯ ᠠᠴᠠ ᠨᠠᠭᠠᠰᠢ᠂ ᠮᠠᠨ ᠤ ᠠᠶᠢᠮᠠᠭ ᠲᠤᠮᠳᠠᠳᠦ ᠤᠯᠤᠰ ᠤᠨ ᠴᠢᠯᠠᠭᠤᠨ ᠲᠣᠰᠣ᠂ ᠲᠤᠮᠳᠠᠳᠦ ᠤᠯᠤᠰ ᠤᠨ ᠰᠢᠤᠳᠠᠨ᠂ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ᠂ ᠳ᠋ᠦᠩ ᠹᠠᠩ ᠵᠧᠨ ᠰᠢᠤᠸᠠᠨ ᠵᠡᠷᠭᠡ ᠠᠵᠤ ᠠᠬᠤᠶᠢᠯᠠᠯ ᠲᠠᠢ ᠰᠢᠯᠢ ᠶᠢᠨ ᠭᠤᠣᠯ ᠴᠠᠭᠠᠨ ᠢᠳᠡᠭᠡ ᠶᠢ ᠪᠣᠷᠣᠯᠠᠭᠤᠯᠬᠤ ᠬᠠᠮᠲᠤᠷᠠᠯᠴᠠᠭ᠎ᠠ ᠥᠷᠨᠢᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ ᠢᠶᠠᠷ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠬᠢᠵᠦ᠂ ᠤᠯᠠᠨ ᠱᠠᠲᠤᠨ ᠤ ᠵᠠᠭᠤᠴᠢᠯᠠᠭᠤᠷ ᠤᠨ ᠲᠠᠪᠴᠠᠩ ᠲᠠᠢ ᠬᠠᠮᠵᠢᠯᠴᠠᠨ ᠤᠬᠠᠭᠤᠯᠭ᠎ᠠ ᠪᠣᠷᠤᠯᠠᠭᠤᠯᠭ᠎ᠠ ᠶᠢᠨ ᠪᠠᠶᠢᠷᠢᠰᠢᠯ ᠢ ᠡᠭᠦᠳᠦᠨ᠂ ︽ᠰᠢᠯᠢ ᠶᠢᠨ ᠭᠤᠣᠯ ᠴᠠᠭᠠᠨ ᠢᠳᠡᠭᠡ ● ᠳᠤᠮᠳᠠᠳᠤᠴᠤᠳ ᠤᠨ ᠥᠪᠡᠷ ᠤᠨ ᠴᠠᠭᠠᠨ ᠢᠳᠡᠭᠡ︾ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ᠃ ᠡᠭᠦᠨ ᠤ ᠬᠠᠮᠲᠤ᠂ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠤᠷᠤᠭᠤᠯᠤᠯᠳᠠ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠬᠠᠷᠢᠭᠤᠴᠠᠨ ᠡᠵᠡᠩᠨᠡᠵᠦ ᠪᠠᠶᠢᠭ᠎ᠠ ︽ᠰᠢ ᠰᠢ ᠵᠧᠨ ᠫᠢᠨ︾ ᠴᠤᠤᠷᠢᠶ᠎ᠠ ᠲᠠᠪᠴᠠᠩ ᠤᠨ ᠳᠡᠯᠭᠡᠭᠦᠷ᠂ ᠵᠢᠩ ᠳ᠋ᠦᠩ ᠨᠡᠷᠡᠳᠦ ᠲᠡᠮᠳᠡᠭ ᠤᠨ ᠬᠤᠰᠢᠭᠤᠴᠢ ᠳᠡᠯᠭᠡᠭᠦᠷ ᠤᠨ ᠰᠢᠯᠢ ᠶᠢᠨ ᠭᠤᠣᠯ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠨᠢ 130 ᠲᠦᠮᠡᠨ ᠲᠥᠭᠦᠷᠢᠭ ᠬᠦᠷᠴᠡᠢ᠃ ᠡᠭᠦᠨ ᠤ ᠲᠤᠬᠠᠢ  ᠡᠯᠧᠺᠲᠷᠣᠨ ᠬᠤᠳᠠᠯᠳᠤᠭᠠᠨ ᠤ ᠬᠠᠷᠢᠭᠤᠴᠠᠯᠭᠠᠲᠠᠨ ᠪᠠᠢ  ᠵᠢᠶᠧ᠄ ︽ᠰᠢᠯᠢ ᠶᠢᠨ ᠭᠤᠣᠯ ᠴᠠᠭᠠᠨ ᠢᠳᠡᠭᠡᠨ ᠤ ᠬᠡᠷᠡᠭᠯᠡᠭᠴᠢ ᠪᠦᠭᠦ ᠤᠯᠤᠰ ᠲᠤ ᠲᠠᠷᠬᠠᠵᠤ᠂ ᠡᠭᠦᠨ ᠤ ᠳᠣᠲᠣᠷ᠎ᠠ ᠴᠠᠭᠠᠨ ᠢᠳᠡᠭᠡ ᠪᠠᠷ ᠬᠢᠭᠰᠡᠨ ᠰᠤᠯᠠ ᠢᠳᠡᠭᠡᠨ ᠤ ᠰᠢᠷᠢᠰ ᠪᠦᠲᠦᠭᠡᠭᠳᠡᠬᠦᠨ ᠨᠢ ᠭᠤᠸᠠᠩᠳᠦ᠋ᠩ᠂ ᠱᠠᠩᠬᠠᠢ ᠵᠡᠷᠭᠡ ᠡᠮᠦᠨ᠎ᠡ ᠣᠷᠣᠨ ᠤ ᠬᠡᠷᠡᠭᠯᠡᠭᠴᠢᠳ ᠲᠤ ᠮᠠᠰᠢ ᠲᠠᠭᠠᠯᠠᠭᠳᠠᠵᠤ ᠪᠠᠶᠢᠨ᠎ᠠ︾ ᠬᠡᠮᠡᠨ ᠲᠠᠨᠢᠯᠴᠠᠭᠤᠯᠤᠯ᠎ᠠ᠃          2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠪᠣᠬᠢᠷᠳᠤᠯ ᠦᠭᠡᠢ ᠣᠷᠭᠠᠨᠢᠭ ᠨᠡᠷᠡᠳᠦ ᠲᠡᠮᠳᠡᠭ ᠢ ᠡᠭᠦᠳᠬᠦ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠭᠠᠷᠭᠠᠬᠤ ᠭᠦᠷᠳᠡᠯ᠎ᠠ᠂ ᠰᠢᠯᠢ ᠶᠢᠨ ᠭᠤᠣᠯ ᠠᠶᠢᠮᠠᠭ ᠠᠴᠠ ᠪᠦᠭᠦ ᠤᠯᠤᠰ ᠲᠤ ᠭᠠᠷᠭᠠᠬᠤ ᠭᠦᠷᠳᠡᠯ᠎ᠠ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠡᠮᠳᠡᠭ ᠨᠢ ᠰᠢᠯᠢ ᠶᠢᠨ ᠭᠤᠣᠯ ᠠᠶᠢᠮᠠᠭ ᠤᠨ ᠨᠡᠷᠡᠳᠦ ᠲᠡᠮᠳᠡᠭ ᠤᠨ ᠬᠥᠭᠵᠢᠯᠲᠡ ᠵᠢᠴᠢ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠭᠰᠡᠨ᠂ ᠣᠷᠣᠨ ᠨᠤᠲᠤᠭ ᠤᠨ ᠣᠨᠴᠠᠯᠢᠭᠲᠤ ᠰᠦᠨ ᠪᠦᠲᠦᠭᠡᠭᠳᠡᠬᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ᠂ ᠵᠠᠰᠠᠭ ᠤᠨ ᠣᠷᠳᠣᠨ ᠲᠡᠮᠵᠢᠵᠦ ᠪᠦᠭᠦ ᠬᠦᠴᠦᠨ ᠢᠶᠠᠷ ᠡᠭᠦᠳᠦᠭᠰᠡᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ  ᠲᠠᠷᠢᠶᠠᠯᠠᠩ  ᠤᠨ  ᠪᠦᠲᠦᠭᠡᠭᠳᠡᠬᠦᠨ  ᠤ  ᠨᠡᠷᠡᠳᠦ  ᠲᠡᠮᠳᠡᠭ  ᠪᠣᠯᠵᠠᠢ᠃ ᠨᠡᠷᠡᠳᠦ ᠲᠡᠮᠳᠡᠭ ᠢ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠦᠮᠴᠢᠯᠡᠯ ᠤᠨ ᠡᠷᠬᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠮᠦᠷᠳᠡᠨ ᠨᠡᠬᠡᠮᠵᠢᠯᠡᠬᠦ ᠰᠢᠰᠲ᠋ᠧᠮ ᠢ ᠪᠦᠷᠢᠨᠰᠢᠭᠦᠯᠬᠦ᠂ ᠨᠡᠷᠡᠳᠦ ᠲᠡᠮᠳᠡᠭ ᠤᠨ ᠤᠬᠠᠭᠤᠯᠭ᠎ᠠ ᠶᠢ ᠴᠢᠩᠭᠠᠳᠬᠠᠬᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠪᠠᠷ ᠳᠠᠮᠵᠢᠭᠤᠯᠤᠨ᠂ ᠰᠢᠯᠢ ᠶᠢᠨ ᠭᠤᠣᠯ ᠴᠠᠭᠠᠨ ᠢᠳᠡᠭᠡᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号