ᠡᠨᠡ ᠨᠠᠮᠤᠷ ᠮᠠᠯ ᠤᠨ ᠵᠠᠷᠤᠴᠠᠭᠤᠯᠤᠯᠳᠠ  ᠶᠠᠮᠠᠷᠰᠢᠤ ᠪᠠᠶᠢᠭ᠎ᠠ ᠪᠤᠯ
ᠨᠡᠶᠢᠲᠡᠯᠡᠭᠰᠡᠨ ᠴᠠᠭ᠄
2024/9/4
   ᠪᠠᠷᠠᠭᠤᠨ ᠦᠵᠦᠮᠦᠴᠢᠨ ᠬᠤᠰᠢᠭᠤᠨ ᠤ  ᠮᠠᠯᠴᠢᠳ ᠤᠨ ᠮᠠᠯ ᠤᠨ  ᠵᠠᠷᠤᠴᠠᠭᠤᠯᠤᠯᠳᠠ ᠶᠢᠨ  ᠠᠵᠢᠯ ᠢᠳᠡ ᠭᠦᠭ  ᠎ ᠲᠠᠢ  ᠶᠠᠪᠤᠬᠳᠠᠵᠦ᠂  ᠮᠠᠯᠴᠢᠳ ᠮᠠᠯ ᠤᠨ ᠦᠨ᠎ᠠ ᠬᠠᠨᠭ᠍ᠰᠢ ᠶᠢᠨ ᠰᠤᠷᠠᠭ ᠵᠠᠩᠭᠢ ᠶᠢ ᠴᠠᠭ ᠢᠮᠠᠬᠳᠠ ᠠᠩᠬᠠᠷᠤᠨ᠂ ᠠᠮᠢᠳᠦ ᠮᠠᠯ ᠤᠨ ᠰᠤᠯᠢᠯᠴᠠᠭᠠᠨ ᠤ ᠵᠠᠬ᠎ᠠ ᠳᠤ  ᠬᠤᠳᠠᠯᠳᠤᠬᠤ᠂ ᠡᠳ᠋ᠰᠢᠭᠦᠯᠤᠨ  ᠪᠤᠷᠤᠯᠠᠭᠤᠯᠬᠤ ᠠᠵᠤ ᠠᠬᠤᠶᠢᠯᠠᠯ ᠳᠤ ᠦᠭᠭᠦ᠂ ᠭᠠᠳᠠᠨ᠎ᠠ ᠠᠴᠠ ᠪᠠᠨ ᠪᠤᠷᠤᠯᠠᠭᠤᠯᠬᠤ ᠵᠡᠷᠭᠡ ᠠᠷᠭ᠎ᠠ ᠵᠠᠮ ᠢᠶᠠᠷ ᠮᠠᠯ ᠤᠨ ᠵᠠᠷᠤᠴᠠᠭᠤᠯᠤᠯᠳᠠ ᠪᠠᠨ ᠨᠡᠮᠡᠭᠳᠡᠭᠦᠯᠵᠦ ᠪᠠᠶᠢᠨ᠎ᠠ᠃        ᠪᠠᠶᠠᠠᠬᠤᠰᠢᠭᠤ ᠰᠤᠮᠤᠨ ᠤ  ᠪᠠᠶᠠᠠᠴᠠᠭᠠᠨ ᠭᠠᠴᠠᠭᠠᠨ ᠤ  ᠠᠮᠢᠬᠤᠷᠳᠦ ᠶᠢᠨ ᠬᠢ ᠪᠤᠯ 4000 ᠮᠤ᠋ ᠨᠤᠳᠤᠭ ᠪᠡᠯᠴᠢᠭᠡᠷ ᠲᠡᠭᠡᠷ᠎ᠡ ᠪᠠᠨ 60 ᠭᠠᠷᠤᠢ ᠦᠭᠡᠷ᠂ 180 ᠰᠢᠬᠠᠮ ᠬᠤᠨᠢ ᠮᠠᠯᠵᠢᠵᠤ  ᠪᠠᠶᠢᠭ᠎ᠠ ᠠᠶᠢᠯ ᠪᠤᠯᠤᠨ᠎ᠠ  ᠃ ᠡᠳᠡᠨᠡᠶᠢᠭᠢ  ᠡᠨᠡ  ᠵᠢᠯ ᠤᠨ ᠭᠠᠨᠭ᠌ ᠬᠠᠭᠰᠠᠷᠭᠠᠨ ᠪᠠ ᠮᠠᠯ ᠤᠨ ᠦᠨ᠎ᠠ ᠬᠠᠨᠭ᠍ᠰᠢ ᠲᠤᠤᠷ᠎ᠠ ᠮᠦᠷᠳᠡᠭᠡᠨ ᠲᠤᠬᠳᠠᠪᠤᠷᠢ ᠦᠭᠡᠢ ᠪᠠᠶᠢᠳᠠᠯ ᠲᠤᠤᠷ᠎ᠠ ᠮᠠᠯ ᠤᠨ ᠵᠠᠷᠤᠴᠠᠭᠤᠯᠤᠯᠳᠠ ᠶᠢᠨ  ᠠᠵᠢᠯ ᠢᠶᠠᠨ ᠬᠠᠪᠤᠷ ᠠᠴᠠ ᠡᠭᠢᠯᠡᠨ ᠭᠢᠵᠦ᠂ ᠲᠤᠭᠤᠯ ᠲᠠᠢ ᠦᠨᠢᠶ᠎ᠠ᠂ ᠡᠷ᠎ᠠ  ᠪᠢᠷᠠᠭᠤ  ᠭᠤᠤᠯᠳᠠᠢ 40 ᠲᠤᠯᠤᠭᠠᠢ ᠦᠭᠡᠷ ᠢᠶᠠᠨ 15 ᠲᠦᠮᠡ ᠭᠠᠷᠤᠢ ᠲᠦᠭᠦᠷᠢᠭ ᠢᠶᠠᠷ ᠬᠤᠳᠠᠯᠳᠤᠨ᠂ 50 ᠲᠤᠯᠤᠭᠠᠢ ᠬᠤᠷᠠᠭ᠎ᠠ ᠎ ᠪᠠᠨ ᠲᠡᠭᠰᠢᠳᠭᠡᠭᠡᠳ 830.00 ᠲᠦᠭᠦᠷᠢᠭ ᠢᠶᠠᠷ  ᠪᠤᠷᠤᠯᠠᠭᠤᠯᠵᠤ᠂ ᠨᠠᠮᠤᠷ ᠤᠨ ᠡᠪᠡᠰᠦ ᠬᠠᠳᠤᠯᠠᠩ ᠤᠨ ᠠᠵᠢᠯ  ᠎ ᠢᠶᠠᠨ  ᠪᠠᠷᠠᠭᠠᠭᠠᠳ 50 ᠰᠢᠬᠠᠮ ᠲᠤᠯᠤᠭᠠᠢ ᠡᠮ᠎ᠠ ᠬᠤᠨᠢ ᠪᠠᠨ ᠪᠤᠷᠤᠯᠠᠭᠤᠯᠪᠠᠯ ᠮᠠᠯ ᠤᠨ ᠭᠠᠷᠭᠠᠯᠳᠠ ᠶᠢᠨ ᠠᠵᠢᠯ  ᠎ ᠢᠶᠠᠨ  ᠲᠠᠭᠤᠰᠬᠠᠬᠤ ᠪᠤᠯᠤᠨ᠎ᠠ  ᠃   8 ᠰᠠᠷ᠎ᠠ ᠶᠢᠨ 22᠎ ᠤ  ᠡᠳᠦᠷ ᠤᠨ  ᠪᠦᠷᠢᠳᠭᠡᠯ ᠢᠶᠠᠷ  ᠪᠦᠭᠦ  ᠬᠤᠰᠢᠭᠤ ᠪᠠᠷ ᠢᠶᠠᠨ 25.4 ᠲᠦᠮᠡᠨ ᠲᠤᠯᠤᠭᠠᠢ ᠮᠠᠯ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ 2.66 ᠲᠦᠮᠡᠨ ᠲᠤᠯᠤᠭᠠᠢ ᠨᠡᠮᠡᠭᠳᠡᠵᠦ᠂ ᠡᠭᠦᠨ ᠳᠤ ᠪᠤᠳᠠ ᠮᠠᠯ 3.76  ᠲᠦᠮᠡᠨ ᠲᠤᠯᠤᠭᠠᠢ᠂ ᠪᠤᠭ ᠮᠠᠯ 21.64 ᠲᠦᠮᠡᠨ ᠲᠤᠯᠤᠭᠠᠢ ᠳᠤ ᠭᠦᠷᠴᠦ ᠮᠠᠯ ᠤᠨ ᠭᠠᠷᠭᠠᠯᠳᠠ ᠶᠢᠨ ᠠᠵᠢᠯ ᠦᠷᠭᠦᠯᠵᠢᠯᠡᠨ ᠶᠠᠪᠤᠬᠳᠠᠵᠦ ᠪᠠᠶᠢᠨ᠎ᠠ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号