ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/9/4
   9 ᠰᠠᠷ᠎ᠠ ᠶᠢᠨ 3 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠶᠠᠪᠤᠭᠳᠠᠵᠦ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ  ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠪᠠᠶᠢᠨ᠎ᠠ᠃    ᠬᠤᠰᠢᠭᠤ ᠲᠠᠳ᠋ ᠳᠠᠷᠤᠭ᠎ᠠ ᠷᠧᠨ ᠳ᠋ᠧ ᠰᠢᠨ ᠪᠣᠯᠣᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᠬᠤᠩ ᠰᠢᠶᠠ ᠤᠷᠢᠳ ᠬᠤᠵᠢᠳ ᠶᠠᠷᠢᠶ᠎ᠠ ᠲᠠᠯᠪᠢᠵᠤ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠪᠠᠶᠢᠭᠤᠯᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠨᠢ ᠦᠢᠯᠡᠳᠦᠯ  ᠴᠢᠳᠠᠪᠬᠢ  ᠪᠠᠨ ᠭᠦᠢᠴᠡᠳ ᠪᠠᠳᠠᠷᠠᠭᠤᠯᠵᠤ᠂ ᠨᠢᠭᠦᠯᠡᠰᠦᠩᠭᠦᠢ ᠦᠢᠯᠠᠰ ᠤᠨ ᠵᠠᠭᠪᠤᠷ ᠤᠨ ᠰᠢᠨ᠎ᠡ ᠶᠢ ᠡᠭᠦᠳᠴᠦ᠂ ᠬᠦᠷᠢᠶ᠎ᠡ ᠬᠡᠪᠴᠢᠶ᠎ᠠ ᠪᠠᠨ ᠥᠷᠭᠡᠳᠬᠡᠨ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠬᠤ᠂ ᠨᠡᠶᠢᠭᠡᠮ ᠠᠴᠠ ᠬᠡᠷᠡᠭᠵᠢᠭᠦᠯᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ ᠲᠤᠰᠬᠠᠢ ᠠᠵᠢᠯᠯᠠᠭᠠᠨ ᠤ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠳᠠᠢ᠃ ᠡᠬᠦᠨ ᠤ ᠬᠠᠮᠳᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠶᠢ ᠠᠩᠬᠠᠷᠴᠤ᠂ ᠣᠨᠴᠠᠭᠠᠶᠢᠯᠠᠨ  ᠬᠦᠴᠢᠷᠳᠡᠯᠲᠡᠢ  ᠬᠦᠮᠦᠰ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠢᠭᠦᠯᠡᠰᠦᠩᠭᠦᠢ ᠦᠢᠯᠠᠰ ᠤᠨ ᠡᠬᠢ ᠪᠠᠶᠠᠯᠢᠭ ᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠠᠮᠤᠭ ᠤᠨ ᠬᠡᠷᠡᠭᠴᠡᠭᠡ  ᠲᠠᠢ ᠬᠥᠮᠥᠰ ᠲᠤ ᠬᠦᠷᠲᠡᠭᠡᠬᠦ ᠶᠢ ᠪᠠᠲᠤᠯᠠᠵᠤ᠂ ᠪᠠᠶᠠᠨ ᠭᠦᠴᠦᠷᠬᠡᠭ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ  ᠬᠡᠷᠡᠭᠲᠡᠢ  ᠬᠡᠵᠡᠢ᠃    ᠬᠤᠷᠠᠯ ᠠᠴᠠ ︽ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ ᠳᠦᠷᠢᠮ ︾ ︵ᠲᠥᠰᠥᠯ︶ ᠢ ᠬᠢᠨᠠᠨ ᠪᠠᠲᠤᠯᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠬᠢᠨᠠᠭᠴᠢ ᠶᠢ ᠰᠣᠩᠭᠤᠵᠤ᠂ ᠡᠪᠯᠡᠯ ᠤᠨ ᠳᠠᠷᠤᠭ᠎ᠠ᠂ ᠡᠪᠯᠡᠯ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠬᠠᠤᠯᠢ ᠶᠢᠨ ᠡᠷᠬᠡᠳᠠᠨ ᠢ ᠰᠣᠩᠭᠤᠨ ᠭᠠᠷᠭᠠᠪᠠ᠃ ᠬᠤᠰᠢᠭᠤ ᠳᠠᠷᠤᠭ᠎ᠠ ᠷᠧᠨ ᠳ᠋ᠧ ᠰᠢᠨ ᠰᠢᠨ᠎ᠡ ᠪᠠᠷ ᠰᠣᠩᠭᠤᠭᠳᠠᠭᠰᠠᠨ ᠡᠪᠯᠡᠯ ᠤᠨ ᠳᠠᠷᠤᠭ᠎ᠠ ᠳᠤ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ ᠦᠨᠡᠮᠯᠡᠯ ᠣᠯᠭᠤᠪᠠ᠃    ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠦᠢᠯᠡᠰ ᠤᠨ ᠶᠡᠷᠦᠩᠬᠡᠢ ᠡᠪᠯᠡᠯ ᠪᠣᠯ ᠪᠥᠬᠦ ᠬᠤᠰᠢᠭᠤᠨ ᠤ  ᠬᠠᠯᠠᠭᠤᠨ  ᠰᠠᠳᠬᠢᠯᠳᠣ ᠠᠷᠡᠳ ᠤᠯᠠᠨ᠂ ᠬᠠᠤᠯᠢ ᠶᠢᠨ ᠡᠷᠬᠡᠲᠡᠨ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ   ᠠᠴᠠ ᠪᠠᠨ ᠣᠷᠣᠯᠴᠠᠭᠰᠠᠨ ᠠᠰᠢᠭ ᠬᠤᠨᠵᠢᠪᠤᠷᠢ ᠶᠢᠨ ᠪᠤᠰᠤ ᠬᠤᠯᠪᠣᠭᠠᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠰᠠᠶᠢᠬᠠᠨ ᠰᠤᠷᠲᠠᠯ   ᠢ ᠪᠠᠳᠠᠷᠠᠭᠤᠯᠤᠨ᠂ ᠣᠯᠠᠨ ᠵᠦᠢᠯ ᠤᠨ ᠬᠡᠯᠪᠡᠷᠢ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ   ᠢ ᠥᠷᠨᠢᠭᠦᠯᠬᠦ ᠪᠠᠷ ᠳᠠᠮᠵᠢᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ   ᠢ ᠬᠠᠮᠲᠤ ᠪᠠᠷ ᠪᠣᠶ ᠪᠣᠯᠭᠠᠬᠤ   ᠶᠢᠨ ᠲᠥᠯᠥᠭᠡ ᠶᠤᠮ᠃    ᠬᠤᠷᠠᠯ ᠳᠡᠭᠡᠷ᠎ᠡ ᠪᠠᠷᠠᠭᠤᠨ ᠦᠵᠦᠮᠦᠴᠢᠨ ᠬᠤᠰᠢᠭᠤᠨ ᠤ ᠨᠢᠭᠦᠯᠡᠰᠦᠩᠭᠦᠢ ᠦᠢᠯᠡᠰ ᠤᠨ ᠲᠦᠷᠦᠯ ᠵᠦᠢᠯ ᠢ ᠳᠡᠯᠭᠡᠨ ᠦᠵᠡᠭᠦᠯᠦᠭᠰᠡᠨ ᠪᠥᠭᠡᠳ  ᠬᠠᠨᠳᠢᠪ ᠤᠨ ᠠᠵᠢᠯᠯᠠᠭ᠎ᠠ  ᠦᠷᠨᠢᠬᠦᠯᠪᠠ᠃     ᠠᠷᠠᠳ ᠤᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠤᠭᠠᠳᠣ ᠬᠤᠷᠠᠯ᠂ ᠵᠡᠮᠳᠡᠭᠴᠦᠳ ᠤᠨ ᠬᠤᠯᠪᠤᠭᠠᠳᠣ ᠬᠤᠷᠠᠯ᠂  ᠡᠪᠯᠡᠯ ᠤᠨ ᠬᠤᠷᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠨᠢᠭᠡᠴᠡ ᠶᠢᠨ ᠬᠠᠷᠢᠭᠤᠴᠠᠯᠭᠠᠲᠠᠨ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠥᠨ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号