ᠮᠠᠨ ᠤ ᠠᠶᠢᠮᠠᠭ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠯᠠᠪᠳᠠᠭᠤᠨ ᠠᠬᠢᠭᠤᠯᠪᠠ
ᠨᠡᠶᠢᠲᠡᠯᠡᠭᠰᠡᠨ ᠴᠠᠭ᠄
2024/9/4
    ᠣᠶᠢᠷ᠎ᠠ ᠶᠢᠨ ᠵᠢᠯ᠂ ᠮᠠᠨ ᠤ ᠠᠶᠢᠮᠠᠭ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠮᠠᠯ ᠤᠨ ᠡᠭᠦᠯᠳᠡᠷ ᠢ ᠰᠢᠯᠢᠳᠡᠭᠵᠢᠭᠦᠯᠬᠦ ᠵᠢᠴᠢ ᠬᠢᠵᠢᠭ ᠭᠡᠮ ᠢ ᠰᠡᠷᠭᠡᠶᠢᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠵᠥᠭᠡᠭᠡᠪᠦᠷᠢᠯᠡᠬᠦ᠂ ᠡᠪᠡᠰᠦ ᠪᠣᠷᠳᠤᠭ᠎ᠠ ᠶᠢ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ 7 ᠵᠦᠢᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽7+X︾ ᠵᠠᠭᠪᠤᠷ ᠢᠶᠠᠷ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠩᠭᠠᠯᠭ᠎ᠠ ᠬᠡᠷᠡᠭᠴᠡᠭᠡ ᠶᠢ ᠨᠠᠷᠢᠯᠢᠭ ᠤᠨᠤᠪᠴᠢᠳᠠᠢ ᠵᠣᠯᠭᠠᠭᠤᠯᠬᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠥᠨᠳᠥᠷ ᠪᠦᠲᠦᠮᠵᠢᠲᠡᠶ ᠠᠰᠢᠭᠯᠠᠬᠤ᠂ ᠦᠢᠯᠡᠳᠪᠦᠷᠢᠯᠡᠯ ᠠᠮᠢᠳᠤᠷᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃          ᠨᠤᠲᠤᠭ ᠤᠨ ᠴᠢᠳᠠᠪᠤᠷᠢᠲᠠᠨ᠂ ᠪᠠᠶᠠᠵᠢᠯ ᠤᠨ ᠴᠢᠳᠠᠪᠤᠷᠢᠲᠠᠨ᠂ ᠳᠠᠷᠢᠵᠤ ᠲᠡᠵᠢᠭᠡᠨ ᠦᠷᠡᠵᠢᠭᠦᠯᠬᠦ ᠨᠡᠶᠢᠲᠡᠯᠢᠭ ᠵᠢᠱᠢᠶ᠎ᠡ ᠶᠢ ᠬᠥᠲᠥᠯᠥᠨ ᠵᠢᠯᠤᠭᠤᠳᠴᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠪᠠᠶᠢᠭᠤᠯᠵᠤ᠂ ᠶᠡᠭᠡ ᠰᠤᠷᠭᠠᠭᠤᠯᠢ ᠲᠡᠭᠦᠰᠦᠭᠰᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠡᠯᠭᠡᠷᠡᠭᠦᠯᠦᠭᠰᠡᠳ ᠢ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠳᠤ ᠣᠴᠢᠵᠤ ᠲᠤᠰᠢᠶᠠᠯ ᠡᠭᠦᠷᠭᠡᠯᠡᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠣᠯᠪᠠᠰᠤᠷᠠᠯ ᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠲᠥᠯᠥᠪᠯᠡᠭᠡ ᠳᠤ ᠣᠷᠣᠭᠤᠯᠵᠤ᠂ ᠦᠢᠯᠡᠴᠢᠯᠡᠭᠡᠨ ᠤ ᠲᠤᠰᠬᠠᠶᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠵᠠᠰᠠᠭ ᠤᠨ ᠣᠷᠳᠣᠨ ᠠᠴᠠ ᠡᠳ᠋ ᠤᠨ ᠵᠠᠰᠠᠭ ᠤᠨ ᠲᠤᠰᠬᠠᠢ ᠲᠦᠷᠦᠯ ᠤᠨ ᠪᠡᠯᠡ ᠮᠥᠩᠭᠦ ᠲᠣᠬᠢᠷᠠᠭᠤᠯᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ᠂ ᠡᠳ᠋ ᠪᠠᠷᠠᠭ᠎ᠠ ᠶᠢᠨ ᠲᠡᠭᠡᠭᠡᠪᠦᠷᠢ ᠵᠡᠷᠭᠡ ᠲᠤᠰᠬᠠᠢ ᠮᠡᠷᠭᠡᠵᠢᠯ ᠤᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠵᠦ᠂ ᠥᠮᠴᠢᠯᠡᠬᠦ ᠡᠷᠬᠡ ᠨᠢ ᠤᠯᠤᠰ ᠤᠨ ᠪᠠᠶᠢᠵᠤ᠂ ᠪᠠᠶᠢᠭᠤᠯᠤᠮᠵᠢ ᠲᠦᠷᠢᠶᠡᠰᠦᠯᠡᠨ ᠬᠡᠷᠡᠭᠯᠡᠬᠦ ᠵᠡᠷᠭᠡ ᠭᠡᠯᠪᠡᠷᠢ ᠪᠠᠷ ᠳᠠᠮᠵᠢᠭᠤᠯᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢ ᠳᠡᠮᠵᠢᠪᠡ᠃ 2023 ᠣᠨ ᠳᠤ᠂ ᠬᠢᠵᠢᠭ ᠭᠡᠮ ᠢ ᠰᠡᠷᠭᠡᠶᠢᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ᠂ ᠡᠪᠡᠰᠦ ᠪᠣᠷᠳᠤᠭ᠎ᠠ ᠶᠢ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 3.39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 91 ᠲᠥᠷᠥᠯ ᠵᠦᠢᠯ ᠢ ᠬᠡᠷᠡᠭᠵᠢᠭᠦᠯᠦᠨ᠂ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠪᠡ᠃          ᠮᠠᠯᠵᠢᠬᠤ ᠦᠢᠯᠡᠳᠪᠦᠷᠢᠯᠡᠯ ᠤᠨ ᠦᠢᠯᠡᠴᠢᠯᠡᠭᠡ ᠶᠢ ᠡᠪᠡᠰᠦ ᠪᠣᠷᠳᠤᠭ᠎ᠠ ᠶᠢ ᠬᠤᠷᠢᠶᠠᠨ ᠬᠠᠳᠠᠭᠠᠯᠠᠵᠤ ᠪᠠᠶᠢᠭᠰᠠᠨ ᠠᠴᠠ ᠲᠣᠬᠢᠷᠠᠭᠤᠯᠤᠨ ᠬᠦᠷᠭᠡᠬᠦ᠂ ᠪᠣᠷᠳᠣᠨ ᠲᠡᠵᠢᠭᠡᠬᠦ᠂ ᠨᠣᠣᠰᠣ ᠬᠠᠶᠢᠴᠢᠯᠠᠬᠤ᠂ ᠡᠮᠲᠦ ᠤᠬᠢᠶᠠᠯᠭ᠎ᠠ᠂ ᠬᠠᠰᠢᠶ᠎ᠠ ᠰᠠᠷᠠᠪᠴᠢ ᠶᠢ ᠴᠡᠪᠡᠷᠯᠡᠬᠦ᠂ ᠬᠢᠵᠢᠭ ᠭᠡᠮ ᠢ ᠰᠡᠷᠭᠡᠶᠢᠯᠡᠨ ᠵᠠᠰᠠᠬᠤ᠂ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠬᠦ ᠵᠡᠷᠭᠡ ᠦᠢᠯᠡᠳᠪᠦᠷᠢᠯᠡᠯ ᠤᠨ ᠶᠠᠪᠤᠴᠠ ᠲᠡᠶᠢᠰᠢ ᠤᠷᠲᠤᠳᠬᠠᠪᠠ᠃ ᠠᠮᠢᠳᠤᠷᠠᠯ ᠤᠨ ᠦᠢᠯᠡᠴᠢᠯᠡᠭᠡᠨ ᠤ ᠲᠠᠯ᠎ᠠ ᠪᠠᠷ᠂ ᠮᠠᠯᠴᠢᠨ ᠲᠠᠷᠢᠶᠠᠴᠢᠨ ᠡᠷᠦᠬᠡ ᠶᠢᠨ ᠵᠣᠷᠯᠣᠩ ᠢ ᠴᠡᠪᠡᠷᠯᠡᠬᠦ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ 2023 ᠣᠨ ᠳᠤ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ 276 ᠪᠣᠯᠪᠠ᠃           ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠳᠤᠮᠳᠠ᠂ ᠮᠠᠨ ᠤ ᠠᠶᠢᠮᠠᠭ ᠵᠠᠰᠠᠭ ᠤᠨ ᠣᠷᠳᠣᠨ ᠬᠤᠳᠠᠯᠳᠤᠨ ᠠᠪᠬᠤ᠂ ᠠᠵᠤ ᠠᠬᠤᠶᠢᠯᠠᠯ ᠪᠡᠯᠡ ᠣᠷᠣᠭᠤᠯᠬᠤ᠂ ᠬᠤᠷᠰᠢᠶᠠᠵᠢᠯ ᠬᠠᠮᠲᠤᠷᠠᠨ ᠬᠠᠮᠵᠢᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠶᠡᠬᠡᠪᠡᠷ ᠪᠣᠶᠢᠵᠢᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠭᠡ ᠬᠠᠩᠭᠠᠵᠤ ᠪᠠᠶᠢᠨ᠎ᠠ᠃           ᠮᠠᠨ ᠤ ᠠᠶᠢᠮᠠᠭ ᠦᠢᠯᠡᠴᠢᠯᠡᠭᠡᠨ ᠤ ᠡᠬᠢ ᠪᠠᠶᠠᠯᠢᠭ ᠢᠶᠠᠨ ᠢᠳᠡᠪᠬᠢᠲᠡᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦ ᠳᠤᠲᠠᠭᠳᠠᠬᠤ᠂ ᠦᠢᠯᠡᠳᠪᠦᠷᠢᠯᠡᠯ ᠤᠨ ᠮᠡᠷᠭᠡᠵᠢᠯ ᠪᠠ ᠲᠣᠨᠤᠭ ᠲᠥᠬᠦᠭᠡᠷᠦᠮᠵᠢ ᠬᠤᠴᠤᠷᠤᠩᠭᠤᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠪᠡ᠃           ᠪᠥᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠠᠪᠠᠭ᠎ᠠ ᠬᠤᠰᠢᠭᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠨᠡᠯᠢᠶᠡᠳ ᠡᠷᠲᠡ ᠪᠠᠶᠢᠭᠤᠯᠵᠤ᠂ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠤᠨ ᠡᠬᠢ ᠪᠠᠶᠠᠯᠢᠭ ᠢ ᠲᠥᠪᠯᠡᠷᠡᠭᠦᠯᠦᠭᠰᠡᠨ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠣᠯᠤᠭᠰᠠᠨ ᠪᠠᠶᠢᠨ᠎ᠠ᠃ ᠲᠣᠰ ᠬᠤᠰᠢᠭᠤ ᠮᠠᠯᠵᠢᠬᠤ ᠦᠢᠯᠡᠳᠪᠦᠷᠢᠯᠡᠯ ᠤᠨ ᠳᠤᠲᠠᠭᠤᠳᠠᠯ ᠢ ᠴᠢᠩᠭ᠎ᠠ ᠠᠩᠬᠠᠷᠴᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠬᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠵᠡᠷᠭᠡ ᠪᠠᠷ ᠳᠠᠮᠵᠢᠭᠤᠯᠤᠨ᠂ ᠮᠠᠯ ᠡᠮᠨᠡᠯᠭᠡ ᠮᠠᠯ ᠤᠨ ᠡᠮ᠂ ᠭᠤᠷᠪᠠᠨ ᠱᠠᠲᠤᠨ ᠤ ᠬᠢᠨ ᠡᠪᠡᠰᠦ ᠪᠣᠷᠳᠤᠭ᠎ᠠ ᠨᠥᠭᠡᠴᠡᠯᠡᠵᠦ ᠵᠥᠭᠡᠭᠡᠪᠦᠷᠢᠯᠡᠬᠦ᠂ ᠦᠨᠳᠦᠰᠦᠨ ᠱᠠᠲᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠵᠡᠷᠭᠡ 9 ᠵᠦᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠡᠭᠦᠳᠴᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠪᠠᠨ ᠬᠦᠴᠦᠷᠬᠡᠭᠵᠢᠭᠦᠯᠬᠦ ᠪᠠᠷ ᠬᠦᠴᠦᠯᠡᠵᠦ᠂ ᠣᠳᠣᠬᠢᠴᠢᠯᠠᠭᠰᠠᠨ ᠡᠵᠡᠩᠨᠡᠯᠲᠡ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠪᠡ᠃          ᠡᠭᠦᠨ ᠠᠴᠠ ᠭᠠᠳᠠᠨ᠎ᠠ᠂ ᠮᠠᠨ ᠤ ᠠᠶᠢᠮᠠᠭ ᠠᠵᠢᠯᠲᠠᠨ᠂ ᠲᠤᠨᠤᠭ ᠲᠥᠬᠦᠭᠡᠷᠦᠮᠵᠢ᠂ ᠮᠡᠷᠭᠡᠵᠢᠯ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠵᠠᠬᠢᠶᠠᠯᠠᠨ ᠦᠢᠯᠡᠳᠬᠦ᠂ ᠬᠠᠮᠲᠤ ᠪᠠᠷ ᠡᠳ᠋ᠯᠡᠬᠦ ᠵᠡᠷᠭᠡ ᠭᠡᠯᠪᠡᠷᠢ ᠪᠠᠷ ᠦᠢᠯᠡᠴᠢᠯᠡᠭᠡᠨ ᠤ ᠵᠠᠬᠢᠶᠠᠯᠠᠭ᠎ᠠ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ ᠬᠡᠪᠴᠢᠶᠡᠵᠢᠭᠰᠡᠨ ᠦᠢᠯᠡᠴᠢᠯᠡᠭᠡ ᠥᠷᠨᠢᠭᠦᠯᠦᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号