ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠰᠦᠯᠵᠢᠶᠡᠨ ᠤ ᠬᠠᠮᠢᠶᠠᠷᠤᠯᠳᠠ ᠶᠢᠨ ᠬᠢᠷᠢ ᠳᠦᠪᠰᠢᠨ ᠢ ᠳᠡᠭᠡᠭᠰᠢᠯᠡᠬᠦᠯᠪᠡ
ᠨᠡᠶᠢᠲᠡᠯᠡᠭᠰᠡᠨ ᠴᠠᠭ᠄
2024/9/5
      ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ  ᠬᠤᠰᠢᠭᠤ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠲᠣᠪᠴᠢᠶ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠶᠡᠭᠡ ᠠᠩᠭᠢ᠂ ᠨᠠᠮ ᠵᠠᠰᠠᠭ ᠤᠨ ᠪᠠᠶᠢᠭᠤᠯᠤᠯᠭ᠎ᠠ᠂ ᠰᠤᠮᠤ ᠪᠠᠯᠭᠠᠰᠤ᠂ ᠨᠡᠶᠢᠭᠡᠮ ᠲᠣᠭᠤᠷᠢᠭ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠳᠤ ᠰᠦᠯᠵᠢᠶᠡᠨ ᠤ ᠠᠮᠤᠷ  ᠳᠦᠪᠰᠢᠨ ᠤ ᠬᠤᠯᠪᠤᠭᠠᠯᠠᠭᠰᠠᠨ ᠪᠠᠶᠢᠴᠠᠭᠠᠯᠳᠠ ᠦᠷᠨᠢᠬᠦᠯᠪᠡ᠃       ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠰᠦᠯᠵᠢᠶᠡᠨ ᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠠᠵᠢᠯᠯᠠᠭᠠᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠵᠡᠷᠭᠡ ᠳᠡᠰ ᠤᠨ ᠬᠠᠮᠠᠭᠠᠯᠠᠯᠲᠠ ᠵᠡᠷᠭᠡ ᠲᠠᠯ᠎ᠠ ᠶᠢᠨ ᠲᠣᠭᠤᠷᠢᠨ ᠳᠤ᠂ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠵᠡᠷᠭᠡ ᠳᠡᠰ ᠤᠨ ᠰᠢᠯᠭᠠᠨ ᠲᠣᠭᠲᠠᠭᠠᠯᠲᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠳᠤ ᠭᠤᠣᠯᠳᠠᠯᠭ᠎ᠠ ᠲᠠᠢ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠰᠦᠯᠵᠢᠶᠡᠨ ᠤ ᠮᠠᠰᠢᠨ ᠤ ᠭᠡᠷ ᠤᠨ ᠡᠳᠦᠷ ᠲᠤᠲᠤᠮ ᠤᠨ ᠬᠠᠮᠢᠶᠠᠷᠤᠯᠲᠠ᠂ ᠹᠢᠽᠢᠺ ᠤᠨ ᠣᠷᠴᠢᠨ ᠲᠣᠭᠤᠷᠢᠨ᠂ ᠬᠢᠯᠢ ᠶᠢᠨ ᠬᠠᠮᠠᠭᠠᠯᠠᠯᠲᠠ᠂ ᠦᠢᠯᠡᠴᠢᠯᠡᠭᠦᠷ ᠤᠨ ᠲᠤᠲᠠᠭᠳᠠᠯ ᠲᠠᠢ ᠲᠠᠯ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠳᠤ ᠮᠡᠷᠭᠡᠵᠢᠯ ᠤᠨ ᠪᠠᠶᠢᠴᠠᠭᠠᠯᠲᠠ ᠬᠢᠬᠦ ᠶᠢᠨ ᠬᠠᠮᠳᠤ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠥᠭᠡᠷᠡᠴᠢᠯᠡᠬᠦ ᠰᠠᠨᠠᠯ ᠰᠠᠨᠠᠭᠤᠯᠭ᠎ᠠ ᠳᠤᠷᠠᠳᠪᠠ  ᠃      ᠵᠢᠯ ᠤᠨ ᠡᠬᠢᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠲᠤᠭ᠎ᠠ ᠪᠠᠷᠢᠮᠲᠠ ᠶᠢᠨ ᠲᠣᠪᠴᠢᠶ᠎ᠠ ᠨᠢᠭᠡᠨᠲᠡ ᠬᠤᠶᠠᠷ ᠤᠳᠠᠭ᠎ᠠ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠨᠠᠮ ᠵᠠᠰᠠᠭ ᠤᠨ ᠪᠠᠶᠢᠭᠤᠯᠤᠯᠭ᠎ᠠ᠂ ᠡᠷᠡᠭᠦᠯ ᠬᠠᠮᠠᠭᠠᠯᠠᠯ ᠤᠨ ᠨᠢᠭᠡᠴᠡ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ 20 ᠭᠠᠷᠤᠢ ᠨᠢᠭᠡᠴᠡ ᠶᠢ ᠬᠠᠮᠤᠷᠴᠤ᠂  50 ᠭᠠᠷᠤᠢ ᠠᠰᠠᠭᠤᠳᠠᠯ ᠢ ᠢᠯᠡᠷᠡᠭᠦᠯᠦᠭᠰᠡᠨ ᠪᠥᠭᠡᠳ ᠰᠦᠯᠵᠢᠶᠡᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠰᠦᠯᠵᠢᠶᠡᠨ ᠤ ᠲᠦᠭᠰᠢᠭᠦᠷᠢ ᠶᠢᠨ ᠰᠡᠷᠡᠮᠵᠢᠯᠡᠭᠦᠯᠦᠯ ᠢ 36 ᠤᠳᠠᠭ᠎ᠠ ᠰᠢᠢᠳᠪᠦᠷᠢᠯᠡᠭᠰᠡᠨ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠲᠤᠭ᠎ᠠ ᠪᠠᠷᠢᠮᠲᠠ ᠶᠢᠨ ᠲᠣᠪᠴᠢᠶ᠎ᠠ ᠨᠢ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠨᠢᠭᠡᠴᠡ ᠶᠢᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号