︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢᠨ ᠵᠠᠳᠠᠯᠤᠯᠲᠠ ᠶᠢᠨ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠠᠯᠪᠠᠨ ᠭᠡᠷ ᠪᠡᠯᠡ ᠣᠷᠣᠭᠤᠯᠤᠯᠲᠠ ﹇2013﹈ 428 | ᠳ᠋ᠤᠭᠠᠷ ᠲᠣᠭᠠᠲᠤ︶᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ﹇2012﹈ 2492 ᠳ᠋ᠤᠭᠠᠷ ᠲᠣᠭᠠᠲᠤ︶ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠳᠦᠷᠦᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶︾ ︵ | ᠥᠪᠥᠷ ᠲᠣᠭᠲᠠᠭᠤᠨ ᠲᠠᠷᠬᠠᠭᠠᠬᠤ ﹇2016﹈ 1 ᠳ᠋ᠦᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠪᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠢᠨ᠎ᠡ᠃ | ᠡᠳᠦᠭᠡ ᠳᠣᠣᠷᠠᠬᠢ ᠮᠡᠲᠦ ᠵᠠᠷᠯᠠᠨ ᠨᠡᠶᠢᠲᠡᠯᠡᠬᠦ ᠶᠢᠨ ᠬᠠᠮᠲᠤ ᠤᠯᠠᠨ ᠨᠡᠶᠢᠲᠡ ᠶᠢᠨ ᠰᠠᠨᠠᠯ ᠢ ᠬᠤᠷᠢᠶᠠᠶ᠎ᠠ᠃ | ᠨᠢᠭᠡ᠂ ᠲᠥᠷᠥᠯ ᠵᠦᠢᠯ ᠤᠨ ᠪᠠᠶᠢᠳᠠᠯ ᠤᠨ ᠲᠣᠪᠴᠢ ᠲᠣᠭᠠᠴᠢᠯᠲᠠ | ᠦᠵᠦᠮᠦᠴᠢᠨ ᠴᠠᠭᠠᠨ ᠦᠬᠡᠷ ᠤᠨ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠵᠢᠴᠢ ᠲᠠᠯᠠᠪᠠᠶ ᠳᠤ ᠣᠷᠣᠬᠤ | ᠳᠠᠭᠠᠯᠲᠠ ᠵᠠᠮ ᠤᠨ ᠡᠵᠡᠯᠡᠬᠦ ᠲᠠᠯᠠᠪᠠᠢ ᠨᠢ 25348 ᠲᠡᠭᠰᠢ ᠳᠥᠷᠪᠡᠯᠵᠢᠨ ᠮᠧᠲᠷ᠂ ᠪᠧᠲ᠋ᠤᠨ ᠤ ᠵᠤᠵᠠᠭᠠᠨ ᠨᠢ | 18cm᠂ ᠴᠢᠯᠠᠭᠤᠨ ᠤ ᠰᠢᠭᠠᠷᠤ ᠶᠢᠨ ᠳᠠᠪᠬᠤᠷᠭ᠎ᠠ ᠨᠢ 20cm᠃ ᠵᠠᠮ ᠢ ᠳᠥᠷᠪᠡᠳᠦᠭᠡᠷ ᠳᠡᠰ ᠤᠨ ᠵᠠᠰᠠᠮᠠᠯ | ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠵᠤ ᠲᠥᠯᠥᠪᠯᠡᠭᠰᠡᠨ ᠬᠤᠷᠳᠤᠴᠠ ᠨᠢ ᠴᠠᠭ ᠪᠦᠷᠢ 20 | ᠺᠢᠯᠣᠮᠧᠲᠷ᠂ ᠬᠥᠭᠦᠷᠭᠡ ᠶᠢᠨ ᠭᠤᠯᠳᠤᠩ ᠤᠨ ᠵᠢᠷᠤᠵᠤ ᠲᠥᠯᠥᠪᠯᠡᠭᠰᠡᠨ ᠠᠴᠢᠶ᠎ᠠ ᠶᠢᠨ ᠬᠡᠮᠵᠢᠶ᠎ᠡ ᠨᠢ ᠵᠠᠰᠠᠮᠠᠯ ᠵᠠᠮ ᠤᠨ | Ⅱ ᠲᠠᠰ᠂ ᠵᠠᠮ ᠤᠨ ᠰᠠᠭᠤᠷᠢ ᠶᠢᠨ ᠥᠷᠭᠡᠨ ᠨᠢ 7.5 ᠮᠧᠲᠷ᠂ ᠵᠠᠮ ᠤᠨ ᠨᠢᠭᠤᠷ ᠤᠨ ᠥᠷᠭᠡᠨ ᠨᠢ 4.5 ᠮᠧᠲᠷ | + ᠰᠢᠷᠣᠢ ᠶᠢᠨ ᠵᠠᠮ ᠤᠨ ᠮᠥᠷᠥ ᠶᠢᠨ ᠥᠷᠭᠡᠨ ᠨᠢ 1.5 X2 ᠂ ᠵᠠᠮ ᠤᠨ ᠨᠢᠭᠤᠷ ᠨᠢ ᠱᠦᠢᠨᠢ ᠪᠤᠯᠤᠨ᠎ᠠ᠃ | ᠵᠠᠮ ᠤᠨ ᠡᠬᠢᠯᠡᠯᠲᠡ ᠶᠢᠨ ᠱᠣᠩ ᠤᠨ ᠨᠣᠮᠧᠷ K0+000᠂ ᠡᠴᠦᠰ ᠤᠨ ᠱᠣᠩ ᠤᠨ ᠨᠣᠮᠧᠷ K5+652.557᠂ | ᠵᠠᠮ ᠤᠨ ᠪᠥᠬᠦ ᠣᠷᠳᠣ ᠨᠢ 5.653 ᠺᠢᠯᠣᠮᠧᠲᠷ ᠪᠣᠯᠣᠨ᠎ᠠ᠃ | ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 8771 ᠲᠦᠮᠡᠨ ᠲᠥᠭᠦᠷᠢᠭ ᠂ ᠡᠭᠦᠨ ᠳᠤ | ᠦᠵᠦᠮᠦᠴᠢᠨ ᠴᠠᠭᠠᠨ ᠦᠬᠡᠷ ᠤᠨ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠶᠢᠨ ᠬᠠᠲᠠᠭᠤᠷᠠᠯ ᠵᠢᠴᠢ ᠲᠠᠯᠠᠪᠠᠢ ᠳᠤ | ᠣᠷᠣᠬᠤ ᠳᠠᠭᠠᠯᠲᠠ ᠵᠠᠮ ᠢ ᠵᠠᠰᠠᠬᠤ ᠪᠡᠯᠡ ᠣᠷᠣᠭᠤᠯᠤᠯᠲᠠ 692 ᠲᠦᠮᠡᠨ ᠲᠥᠭᠦᠷᠢᠭ᠃ ᠪᠡᠯᠡ ᠮᠥᠩᠭᠦ ᠶᠢᠨ | ᠢᠷᠡᠯᠲᠡ ᠨᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ 3500 ᠲᠦᠮᠡᠨ ᠲᠥᠭᠦᠷᠢᠭ᠂ ᠣᠷᠣᠨ | ᠨᠤᠲᠤᠭ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ 4290 ᠲᠦᠮᠡᠨ ᠲᠥᠭᠦᠷᠢᠭ᠂ ᠠᠵᠤ | ᠠᠬᠤᠶᠢᠯᠠᠯ ᠤᠨ ᠥᠪᠡᠷ ᠤᠨ ᠪᠡᠯᠡ ᠬᠥᠷᠥᠩᠭᠡ 981 ᠲᠦᠮᠡᠨ ᠲᠥᠭᠦᠷᠢᠭ ᠪᠣᠯᠣᠨ᠎ᠠ᠃ | ᠬᠤᠶᠠᠷ᠂ ᠵᠣᠷᠢᠯᠭ᠎ᠠ ᠶᠢᠨ ᠠᠴᠢ ᠬᠤᠯᠪᠣᠭᠳᠠᠯ | ᠰᠠᠨᠠᠯ ᠪᠠ ᠰᠠᠨᠠᠭᠤᠯᠭ᠎ᠠ ᠶᠢᠨ ᠥᠷᠭᠡᠨ ᠳᠡᠯᠭᠡᠷᠡᠩᠭᠦᠢ ᠴᠢᠨᠠᠷ ᠢ ᠪᠠᠲᠤᠯᠠᠬᠤ ᠶᠢᠨ ᠲᠥᠯᠥᠭᠡ᠂ ᠮᠦᠨᠴᠦ ᠲᠣᠰ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠢᠭ ᠲᠤᠰᠠ ᠶᠢ ᠤᠯᠠᠨ ᠳᠤ ᠪᠥᠬᠦ ᠲᠠᠯ᠎ᠠ ᠪᠠᠷ | ᠣᠶᠢᠯᠠᠭᠠᠭᠤᠯᠵᠤ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ | ᠭᠤᠷᠪᠠ᠂ ᠲᠥᠷᠥᠯ ᠵᠦᠢᠯ ᠳᠤ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ | ᠲᠦᠭᠰᠢᠭᠦᠷᠢ ᠶᠢᠨ ᠲᠣᠶᠢᠮᠣᠴᠢᠯᠠᠯ | ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠠᠴᠠ ᠪᠣᠯᠬᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ | ᠲᠦᠭᠰᠢᠭᠦᠷᠢ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ | ᠴᠢᠨᠠᠷ᠂ ᠠᠮᠢ ᠠᠬᠤᠢ ᠶᠢᠨ ᠣᠷᠴᠢᠨ ᠲᠣᠭᠤᠷᠢᠨ ᠤ ᠨᠥᠯᠥᠭᠡᠯᠡᠯ᠂ ᠪᠦᠲᠦᠭᠡᠨ ᠪᠠᠶᠢᠭᠤᠯᠬᠤ ᠲᠥᠰᠥᠯ᠂ ᠪᠡᠯᠡ ᠮᠥᠩᠭᠦ | ᠴᠤᠭᠯᠠᠭᠤᠯᠬᠤ ᠪᠠ ᠪᠠᠲᠤᠯᠠᠬᠤ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ ᠶᠢᠨ ᠨᠥᠯᠥᠭᠡ᠂ | ᠪᠠᠷᠢᠯᠭ᠎ᠠ ᠶᠢᠨ ᠬᠤᠭᠤᠴᠠᠭᠠᠨ ᠤ ᠱᠤᠤᠭᠢᠶᠠᠨ᠂ ᠳᠤᠷᠬᠢᠯᠲᠠ᠂ ᠲᠣᠭᠤᠰᠣ ᠰᠢᠷᠣᠢ ᠵᠡᠷᠭᠡ ᠠᠮᠢ ᠠᠬᠤᠢ ᠶᠢᠨ ᠣᠷᠴᠢᠨ | ᠲᠣᠭᠤᠷᠢᠨ ᠤ ᠨᠥᠯᠥᠭᠡᠯᠡᠯ᠂ ᠪᠠᠷᠢᠯᠭ᠎ᠠ ᠶᠢᠨ ᠬᠤᠭᠤᠴᠠᠭᠠᠨ ᠤ ᠨᠡᠭᠦᠳᠡᠯ ᠬᠥᠮᠥᠨ ᠠᠮᠠ᠂ ᠨᠡᠶᠢᠭᠡᠮ ᠤᠨ ᠠᠮᠤᠷ | ᠲᠦᠪᠰᠢᠨ᠂ ᠪᠠᠷᠢᠯᠭ᠎ᠠ ᠶᠢᠨ ᠠᠵᠢᠯ ᠵᠢᠴᠢ ᠡᠵᠡᠩᠨᠡᠯᠲᠡ ᠶᠢᠨ ᠬᠤᠭᠤᠴᠠᠭᠠᠨ ᠤ ᠠᠮᠤᠷ ᠲᠦᠪᠰᠢᠨ᠂ ᠡᠷᠡᠭᠦᠯ | ᠬᠠᠮᠠᠭᠠᠯᠠᠯ ᠬᠢᠭᠡᠳ ᠠᠵᠢᠯ ᠮᠡᠷᠭᠡᠵᠢᠯ ᠤᠨ ᠡᠷᠡᠭᠦᠯ ᠮᠡᠨᠳᠦ ᠵᠡᠷᠭᠡ ᠨᠥᠯᠥᠭᠡᠯᠡᠬᠦ ᠬᠦᠴᠦᠨ ᠵᠦᠢᠯ ᠪᠤᠯᠤᠨ᠎ᠠ᠃ | ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ | ︵1︶ ᠳᠦᠷᠦᠯ ᠵᠦᠢᠯ ᠤᠨ ᠬᠡᠷᠡᠭᠵᠢᠭᠦᠯᠦᠯᠲᠡ ᠶᠢᠨ ᠲᠤᠬᠠᠢ ᠶᠢᠨ ᠭᠠᠵᠠᠷ ᠤᠨ ᠠᠵᠤ ᠠᠬᠤᠢ ᠵᠢᠴᠢ ᠨᠡᠶᠢᠭᠡᠮ ᠳᠤ | ᠦᠵᠡᠭᠦᠯᠬᠦ ᠨᠥᠯᠥᠭᠡ | ︵2︶ ᠳᠦᠷᠦᠯ ᠵᠦᠢᠯ ᠳᠤ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠨᠥᠬᠦᠪᠦᠷᠢ ᠶᠢᠨ ᠲᠠᠯ᠎ᠠ ᠪᠠᠷ ᠬᠢ ᠨᠥᠯᠥᠭᠡ | | ︵3︶ ᠳᠦᠷᠦᠯ ᠵᠦᠢᠯ ᠤᠨ ᠬᠡᠷᠡᠭᠵᠢᠭᠦᠯᠦᠯᠲᠡ ᠨᠢ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ | ᠲᠣᠭᠤᠷᠢᠨ ︵ᠵᠢᠱᠢᠶᠡᠯᠡᠪᠡᠯ ᠱᠤᠤᠭᠢᠶᠠᠨ᠂ ᠳᠡᠭᠳᠡᠮᠡᠯ ᠲᠣᠭᠤᠰᠣ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠪᠣᠬᠢᠷ | ᠤᠰᠤ᠂ ᠠᠮᠢᠳᠤᠷᠠᠯ ᠤᠨ ᠬᠤᠭ ᠨᠣᠪᠰᠢ ᠵᠡᠷᠭᠡ︶ ᠳᠤ ᠦᠵᠡᠬᠦᠯᠬᠦ ᠨᠦᠯᠦᠭᠡ | ︵4︶ ᠳᠦᠷᠦᠯ ᠵᠦᠢᠯ ᠢ ᠬᠡᠷᠡᠭᠵᠢᠭᠦᠯᠬᠦ ᠵᠢᠴᠢ ᠡᠵᠡᠩᠨᠡᠬᠦ ᠶᠠᠪᠤᠴᠠ ᠳᠠᠬᠢ ᠠᠮᠤᠷ ᠲᠦᠪᠰᠢᠨ ᠤ ᠲᠠᠯᠳᠠ ᠭᠡᠮ᠂ ᠵᠠᠮ | ᠬᠠᠷᠢᠯᠴᠠᠭᠠᠨ ᠤ ᠠᠶᠤᠯ ᠲᠦᠭᠰᠢᠭᠦᠷᠢ᠂ ᠨᠡᠭᠦᠳᠡᠯ ᠬᠥᠮᠥᠨ ᠠᠮᠠ ᠶᠢᠨ ᠨᠡᠮᠡᠭᠳᠡᠯ ᠵᠡᠷᠭᠡ ᠲᠠᠯ᠎ᠠ ᠶᠢᠨ ᠨᠥᠯᠥᠭᠡ ᠶᠢ ᠪᠤᠢ | ᠪᠣᠯᠭᠠᠵᠤ ᠮᠡᠳᠡᠬᠦ᠃ | ︵5︶ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠡᠯᠡᠳᠬᠡᠬᠦ᠂ ᠪᠠᠷᠢᠯᠭ᠎ᠠ ᠪᠠᠷᠢᠬᠤ᠂ | ᠠᠵᠢᠯᠯᠠᠭᠠᠨ ᠤ ᠱᠠᠲᠤᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ | ︵6︶ ᠲᠤᠰ ᠳᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠶᠠᠮᠠᠷ ᠶᠠᠮᠠᠷ ᠠᠰᠠᠭᠤᠳᠠᠯ ᠢ ᠬᠠᠮᠤᠭ ᠠᠴᠠ ᠢᠯᠡᠭᠦᠦ | ᠠᠩᠬᠠᠷᠬᠤ | ︵7︶ ᠪᠤᠰᠤᠳ ᠲᠠᠯ᠎ᠠ ᠶᠢᠨ ᠰᠠᠨᠠᠯ ᠪᠠ ᠭᠤᠮᠣᠳᠠᠯ ᠱᠠᠭᠠᠷᠳᠠᠯᠭ᠎ᠠ᠃ | ᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠪᠣᠳᠠᠲᠠᠢ ᠬᠡᠯᠪᠡᠷᠢ ᠵᠢᠴᠢ ᠢᠯᠡ ᠨᠡᠶᠢᠲᠡᠯᠡᠬᠦ ᠴᠠᠭ | ᠬᠤᠭᠤᠴᠠᠭ᠎ᠠ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠰᠠᠨᠠᠯ ᠪᠢᠴᠢᠬᠦ᠂ ᠳ᠋ᠢᠶᠠᠩᠬᠤᠸᠠ᠂ ᠡᠯᠧᠺᠲᠷᠣᠨ ᠰᠢᠤᠳᠠᠨ ᠤ ᠵᠦᠢᠯ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠶᠢᠭᠤᠯᠬᠤ ᠨᠢᠭᠡᠴᠡ ᠲᠠᠢ ᠬᠠᠷᠢᠯᠴᠠᠵᠤ᠂ ᠲᠣᠰ ᠲᠥᠷᠥᠯ | ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠤᠬᠠᠢ ᠰᠠᠨᠠᠯ ᠪᠠ ᠰᠠᠨᠠᠭᠤᠯᠭ᠎ᠠ ᠪᠠᠨ | ᠳᠤᠷᠠᠳᠴᠤ ᠪᠣᠯᠣᠨ᠎ᠠ᠃ ᠬᠤᠷᠢᠶᠠᠨ ᠣᠯᠣᠭᠰᠠᠨ ᠰᠠᠨᠠᠯ ᠪᠠ ᠰᠠᠨᠠᠭᠤᠯᠭ᠎ᠠ ᠶᠢ ᠪᠢᠳᠡ ᠪᠣᠳᠠᠲᠠᠢ ᠪᠠᠶᠢᠳᠠᠯ ᠢ | ᠦᠨᠳᠦᠰᠦᠯᠡᠨ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ | ᠳᠤᠮᠳᠠ ᠰᠤᠳᠤᠯᠤᠨ᠎ᠠ᠃ | ᠵᠠᠷᠯᠠᠨ ᠨᠡᠶᠢᠲᠡᠯᠡᠬᠦ ᠴᠠᠭ᠄ ᠲᠣᠰᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ᠃ ︵ | 2024 ᠣᠨ ᠤ 9 ᠰᠠᠷ᠎ᠠ ᠶᠢᠨ 4 ᠤ ᠡᠳᠦᠷ ᠠᠴᠠ 2024 ᠣᠨ ᠤ 9 ᠰᠠᠷ᠎ᠠ ᠶᠢᠨ 25 ᠤ ᠡᠳᠦᠷ ᠬᠦᠷᠲᠡᠯ᠎ᠡ︶ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠬᠠᠷᠢᠯᠴᠠᠬᠤ ᠬᠥᠮᠥᠨ᠄ ᠠᠭᠤᠳᠠᠮ | ᠬᠠᠷᠢᠯᠴᠠᠬᠤ ᠤᠲᠠᠰᠤ᠄ 13847902937 | ᠬᠠᠶ᠋ᠢᠭ᠄ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ | ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ | 2024ᠣᠨ ᠤ 9 ᠰᠠᠷ᠎ᠠ ᠶᠢᠨ 4 ᠤ ᠡᠳᠦᠷ |