ᠪᠠᠷᠠᠭᠤᠨ ᠦᠵᠦᠮᠦᠴᠢᠨ ᠬᠤᠰᠢᠭᠤ ᠨᠠᠮ ᠤᠨ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/6
    9 ᠰᠠᠷ᠎ᠠ ᠶᠢᠨ 4 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ ᠶᠠᠨ ᡁᠢ ᠭᠦᠸᠧ ᠬᠤᠷᠠᠯ ᠳᠤ  ᠣᠷᠣᠯᠴᠠᠨ ᠶᠠᠷᠢᠶ᠎ᠠ ᠲᠠᠯᠪᠢᠵᠠᠢ᠃
  ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠬᠤᠰᠢᠭᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠰᠢᠰᠲ᠋ᠧᠮ ᠲᠠᠢ ᠨᠠᠷᠢᠯᠢᠭᠵᠢᠭᠤᠯᠤᠨ ᠲᠣᠬᠢᠷᠠᠭᠤᠯᠵᠤ᠂ ᠲᠣᠳᠣᠷᠬᠠᠢ ᠱᠠᠭᠠᠷᠳᠠᠯᠭ᠎ᠠ ᠳᠤᠷᠠᠳᠤᠨ᠂ ᠥᠷᠭᠡᠨ ᠤᠯᠠᠨ ᠨᠠᠮ  ᠤᠨ ᠭᠡᠰᠢᠭᠦᠨ ᠤᠳᠤᠷᠢᠳᠬᠤ ᠺᠠᠳ᠋ᠷ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠳᠤᠲᠠᠭᠳᠠᠯ ᠢᠶᠠᠨ ᠨᠦᠬᠦᠪᠦᠷᠢᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠥᠭᠡᠷᠡᠴᠢᠯᠡᠯᠲᠡ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
   ᠬᠤᠷᠠᠯ ᠠᠴᠠ ᠪᠠᠰᠠ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠪᠠᠭᠰᠢ ᠶᠢᠨ ᠬᠦᠴᠦᠨ᠂ ᠪᠠᠲᠤᠯᠠᠭ᠎ᠠ ᠶᠢᠨ ᠴᠢᠳᠠᠪᠤᠷᠢ᠂ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠰᠤᠷᠭᠠᠭᠤᠯᠢ ᠲᠠᠢ ᠬᠠᠮᠲᠤ ᠪᠠᠷ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠡᠷᠡᠭᠲᠡᠢ ᠭᠡᠵᠡᠢ᠃    ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠬᠤ ᠪᠣᠯᠣᠨ᠎ᠠ᠂ ᠭᠤᠣᠯᠳᠠᠭᠤ ᠨᠢᠭᠡᠳᠦᠯᠲᠡᠢ ᠬᠢᠴᠢᠶᠡᠯᠯᠡᠬᠦ ᠂ ᠸᠢᠳᠢᠤ᠋ ᠪᠣᠯᠪᠠᠰᠤᠷᠠᠯ᠂ ᠤᠳᠤᠷᠢᠳᠬᠤ ᠺᠠᠳ᠋ᠷᠴᠤᠳ ᠲᠠᠶᠢᠰᠠᠨ ᠳᠤ ᠭᠠᠷᠬᠤ ᠵᠡᠷᠭᠡ ᠣᠯᠠᠨ ᠬᠡᠯᠪᠡᠷᠢ ᠲᠠᠢ ᠪᠠᠶᠢᠵᠤ᠂ ᠪᠥᠬᠦ ᠬᠤᠰᠢᠭᠤᠨ ᠤ 240 ᠭᠠᠷᠤᠢ ᠰᠠᠯᠠᠭᠠᠨ  ᠲᠠᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号