ᠬᠠᠢ ᠱᠠᠨ ᠮᠠᠯᠵᠢᠬᠤ ᠣᠷᠣᠨ ᠳᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/6
   9 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠨᠠᠷ ᠮᠠᠯᠵᠢᠬᠤ ᠣᠷᠣᠨ ᠳᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
   ᠬᠠᠢ ᠱᠠᠨ ᠨᠠᠷ ᠲᠤᠰ ᠲᠤᠰ ᠤᠯᠠᠭᠠᠨᠬᠠᠯᠠᠭ᠎ᠠ ᠰᠤᠮᠤ᠂ ᠪᠠᠶᠠᠨᠬᠤᠸᠠ ᠪᠠᠯᠭᠠᠰᠤ᠂ ᠪᠠᠶᠠᠨᠬᠤᠰᠢᠭᠤ  ᠰᠣᠮᠣᠨ ᠳᠤ  ᠭᠦᠨᠵᠡᠭᠡᠶᠢᠷᠡᠨ᠂ ᠮᠠᠯ ᠰᠦᠷᠦᠭ ᠤᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠮᠠᠯ ᠤᠨ ᠭᠠᠷᠭᠠᠯᠲᠠ᠂ ᠡᠪᠡᠰᠦ ᠬᠠᠳᠤᠯᠠᠩ ᠤᠨ ᠠᠵᠢᠯ᠂ ᠠᠮᠢᠳᠠᠨ ᠤ ᠬᠢᠵᠢᠭ ᠢ ᠰᠡᠷᠭᠡᠶᠢᠯᠡᠬᠦ᠂ ᠭᠠᠯ ᠰᠡᠷᠭᠡᠶᠢᠯᠡᠬᠦ᠂ ᠭᠠᠴᠠᠭᠠᠨ ᠤ ᠬᠠᠮᠲᠤ ᠶᠢᠨ ᠠᠵᠤ ᠠᠬᠤᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃
  ᠬᠠᠢ ᠱᠠᠨ ᠱᠠᠭᠠᠷᠳᠠᠭᠰᠠᠨ ᠨᠢ᠂ ᠰᠤᠮᠤ ᠪᠠᠯᠭᠠᠰᠤᠨ ᠤ ᠵᠠᠰᠠᠭ ᠤᠨ ᠣᠷᠳᠣᠨ᠂ ᠭᠠᠴᠠᠭᠠᠨ ᠤ ᠡᠭᠦᠷ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠪᠠᠶᠢᠴᠠᠭᠠᠵᠤ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠂ ᠦᠨᠳᠦᠰᠦᠨ ᠵᠦᠢᠯ ᠤᠨ ᠪᠠᠲᠤᠯᠠᠭ᠎ᠠ᠂ ᠮᠠᠯ ᠤᠨ ᠭᠠᠷᠭᠠᠯᠲᠠ ᠶᠢᠨ ᠨᠥᠬᠦᠪᠦᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠠᠰᠢᠭᠲᠠᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠣᠷᠣᠯᠭ᠎ᠠ ᠨᠢ ᠬᠤᠪᠢᠷᠠᠯᠲᠠ ᠦᠭᠡᠢ ᠪᠠ ᠣᠷᠣᠯᠭ᠎ᠠ ᠨᠢ ᠳᠣᠷᠣᠭᠰᠢᠯᠠᠵᠤ ᠪᠠᠶᠢᠭ᠎ᠠ ᠬᠤᠶᠠᠷ ᠵᠦᠢᠯ ᠤᠨ ᠬᠦᠮᠦᠰ ᠢ ᠭᠤᠣᠯᠳᠠᠯᠭ᠎ᠠ ᠲᠠᠢ ᠠᠩᠬᠠᠷᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ  ᠬᠡᠷᠡᠭᠲᠡᠢ ᠭᠡᠵᠡᠢ᠃    ᠬᠠᠢ ᠱᠠᠨ ᠴᠢᠬᠤᠯᠠᠴᠢᠯᠠᠭᠰᠠᠨ ᠨᠢ᠂ ᠰᠤᠮᠤ ᠪᠠᠯᠭᠠᠰᠤᠨ ᠤ ᠵᠠᠰᠠᠭ ᠤᠨ ᠣᠷᠳᠣᠨ᠂ ᠭᠠᠴᠠᠭᠠᠨ ᠤ ᠡᠭᠦᠷ  ᠵᠥᠪᠯᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯᠵᠢᠬᠤ ᠡᠷᠦᠬᠡ ᠶᠢᠨ ᠨᠠᠮᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠮᠠᠯ ᠤᠨ ᠭᠠᠷᠭᠠᠯᠲᠠ ᠶᠢ ᠬᠦᠴᠦᠯᠡᠨ ᠠᠬᠢᠭᠤᠯᠵᠤ᠂ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠵᠦ᠂ ᠮᠠᠯᠵᠢᠬᠤ ᠡᠷᠦᠬᠡ ᠶᠢᠨ ᠭᠠᠮᠰᠢᠭ ᠢ ᠰᠡᠷᠭᠡᠶᠢᠯᠡᠨ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号