ᠦᠨᠳᠦᠰᠦᠨ ᠱᠠᠲᠤᠨ ᠤ ᠡᠷᠡᠭᠦᠯ ᠡᠩᠬᠡ ᠶᠢᠨ ᠡᠯᠴᠢ— ᠡᠮᠴᠢ ᠰᠦᠬᠡᠪᠠᠭᠠᠲᠤᠷ
ᠨᠡᠶᠢᠲᠡᠯᠡᠭᠰᠡᠨ ᠴᠠᠭ᠄
2024/9/6
    ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠥᠳᠡᠭᠡ ᠲᠤᠰᠬᠤᠨ ᠤ ᠡᠮ ᠡᠮᠨᠡᠯᠭᠡ ᠶᠢᠨ ᠰᠢᠰᠲ᠋ᠧᠮ  ᠳᠤ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠮᠠᠯᠴᠢᠳ ᠲᠤ ᠨᠡᠩ ᠳᠦᠭᠦᠮ ᠲᠥᠳᠡ᠂ ᠬᠠᠨᠤᠮᠵᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠠᠶᠢᠳᠠᠭ᠃ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠨᠢ ᠮᠠᠯᠴᠢᠨ ᠲᠥᠮᠡᠨ ᠤ ᠡᠷᠡᠭᠦᠯ ᠮᠡᠨᠳᠦ ᠶᠢᠨ ᠡᠯᠴᠢ ᠪᠠᠶᠢᠵᠤ᠂ ᠪᠡᠷᠬᠡ ᠬᠠᠲᠠᠭᠤᠵᠢᠯᠲᠠᠢ ᠣᠷᠴᠢᠨ ᠲᠤᠭᠤᠷᠢᠨ  ᠳᠤ ᠡᠮᠴᠢ ᠬᠦᠮᠦᠨ ᠤ ᠲᠠᠷᠬᠠᠨ ᠬᠠᠷᠢᠭᠤᠴᠠᠯᠭ᠎ᠠ ᠪᠠᠨ ᠡᠷᠬᠢᠮᠯᠡᠨ ᠭᠦᠢᠴᠡᠳᠬᠡᠵᠦ᠂ ᠦᠨᠳᠦᠰᠦᠨ ᠱᠠᠲᠤᠨ ᠤ ᠡᠮ ᠡᠮᠨᠡᠯᠭᠡ  ᠶᠢᠨ ᠦᠢᠯᠡᠰ ᠲᠤ ᠬᠦᠴᠦᠨ ᠵᠢᠳᠬᠦᠯ ᠢᠶᠠᠨ ᠦᠵᠡᠭᠦᠯᠳᠡᠭ᠃ ᠰᠥᠬᠡᠪᠠᠭᠠᠲᠣᠷ ᠪᠣᠯ ᠮᠠᠯᠴᠢᠳ ᠲᠥᠮᠡᠨ ᠤ ᠪᠠᠨ ᠡᠷᠡᠭᠦᠯ ᠮᠡᠨᠳᠦ ᠶᠢᠨ ᠲᠥᠯᠦᠭᠡ ᠵᠢᠳᠬᠦᠵᠦ ᠶᠠᠪᠤᠳᠠᠭ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠨᠢᠭᠡᠨ ᠶᠤᠮ᠃
    ᠰᠦᠬᠡᠪᠠᠭᠠᠲᠤᠷ ᠣᠳᠤ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠠᠯᠲᠠᠩᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ᠂ ᠮᠣᠩᠭᠤᠯ ᠡᠮᠨᠡᠯᠭᠡ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ 1993 ᠣᠨ ᠠᠴᠠ ᠤᠳᠤ ᠪᠣᠯᠲᠠᠯ᠎ᠠ ᠦᠨᠳᠦᠰᠦᠨ ᠱᠠᠲᠤᠨ ᠤ ᠡᠮ ᠡᠮᠨᠡᠯᠭᠡ ᠶᠢᠨ ᠡᠩᠨᠡᠭᠡᠨ ᠳᠤ ᠭᠠᠨᠪᠰᠢᠭᠠᠶᠢᠯᠠᠨ᠂ ᠮᠠᠯᠴᠢᠨ ᠲᠥᠮᠡᠨ ᠤ ᠪᠠᠨ ᠡᠷᠡᠭᠦᠯ ᠮᠡᠨᠳᠦ ᠶᠢᠨ ᠲᠥᠯᠦᠭᠡ ᠦᠢᠯᠡᠴᠢᠯᠡᠭᠰᠡᠭᠡᠷ ᠢᠷᠡᠵᠡᠢ᠃   ᠮᠠᠯᠵᠢᠬᠤ ᠣᠷᠣᠨ ᠳᠤ ᠤᠳᠠᠭᠠᠨ ᠴᠢᠨᠠᠷᠲᠠᠢ᠂ ᠭᠠᠵᠠᠷ ᠣᠷᠣᠨ ᠤ ᠴᠢᠨᠠᠷᠲᠠᠢ ᠡᠪᠡᠳᠴᠢᠨ ᠤ ᠪᠠᠶᠢᠳᠠᠯ ᠣᠯᠠᠨ ᠲᠤᠬᠢᠶᠠᠯᠳᠣᠳᠠᠭ᠃ ᠰᠦᠬᠡᠪᠠᠭᠠᠲᠤᠷ ᠮᠣᠩᠭᠤᠯ ᠠᠨᠠᠭᠠᠬᠤ ᠤᠬᠠᠭᠠᠨ ᠤ ᠤᠯᠠᠮᠵᠢᠯᠠᠯᠲᠤ ᠵᠠᠰᠠᠯ ᠤᠨ ᠠᠷᠭ᠎ᠠ ᠪᠠᠷ ᠡᠳᠡᠭᠡᠷ ᠤᠳᠠᠭᠠᠨ ᠴᠢᠨᠠᠷᠲᠠᠢ᠂ ᠭᠠᠵᠠᠷ ᠣᠷᠣᠨ ᠤ ᠴᠢᠨᠠᠷᠲᠠᠢ ᠡᠪᠡᠳᠴᠢᠨ ᠢ ᠤᠨᠤᠴᠢᠲᠠᠢ ᠵᠠᠰᠠᠨ ᠡᠮᠴᠢᠯᠡᠳᠡᠭ ᠠᠴᠠ ᠬᠤᠯᠠ ᠣᠶᠢᠷ᠎ᠠ ᠠᠴᠠ ᠲᠤᠰᠬᠠᠶᠢᠯᠠᠨ ᠲᠡᠭᠦᠨ ᠢ ᠡᠷᠢᠵᠤ ᠡᠮᠴᠢᠯᠡᠭᠦᠯᠳᠡᠭ ᠬᠦᠮᠦᠰ ᠤᠯᠠᠨ ᠪᠠᠶᠢᠳᠠᠭ᠃   2023 ᠣᠨ ᠤ ᠨᠢᠭᠡᠳᠦᠭᠡᠷ ᠰᠠᠷ᠎ᠠ ᠶᠢᠨ ᠨᠢᠭᠡᠨ ᠡᠳᠦᠷ᠂ ᠮᠠᠯᠴᠢᠨ ᠭᠠᠩᠪᠠᠭᠠᠲᠤᠷ 12 ᠨᠠᠰᠤᠲᠠᠢ ᠬᠦᠦ ᠪᠠᠨ ᠡᠮᠴᠢᠯᠡᠭᠦᠯᠬᠦ ᠪᠠᠷ ᠰᠥᠬᠡᠪᠠᠭᠠᠲᠤᠷ ᠡᠮᠴᠢ ᠶᠢ ᠵᠣᠷᠢᠨ ᠢᠷᠡᠵᠡᠢ᠃ ᠣᠣᠯ ᠨᠢ ᠭᠠᠩᠪᠠᠭᠠᠲᠤᠷ ᠤᠨ ᠬᠦᠦ ᠨᠢ ᠬᠠᠭᠠᠰ ᠵᠢᠯ ᠤᠨ ᠡᠮᠦᠨ᠎ᠡ ᠠᠴᠠ ᠭᠡᠳᠡᠰᠦ᠂ ᠬᠡᠪᠡᠯᠢ ᠶᠢᠨ ᠭᠡᠰᠡᠭ ᠨᠢ ᠡᠪᠡᠳᠴᠦ᠂ ᠡᠳᠦᠷ ᠶᠠᠪᠤᠬᠤ ᠲᠤᠳᠤᠮ ᠡᠪᠡᠳᠴᠢᠨ ᠤ ᠪᠠᠶᠢᠳᠠᠯ ᠨᠢ ᠬᠦᠨᠳᠦᠷᠴᠦ᠂ ᠭᠡᠷ ᠤᠨ ᠬᠦᠮᠦᠰ ᠨᠢ ᠶᠡᠬᠡᠳᠡ ᠰᠠᠨᠳᠦᠷᠦᠨ᠂ ᠶᠡᠭᠡ ᠬᠤᠲᠠ ᠶᠢᠨ ᠡᠮᠨᠡᠯᠭᠡ ᠶᠢᠨ ᠬᠤᠷᠢᠶᠠᠨ ᠳᠤ ᠤᠴᠢᠵᠣ ᠪᠠᠶᠢᠴᠠᠭᠠᠨ ᠣᠨᠣᠰᠢᠯᠠᠭᠤᠯᠬᠤ ᠳᠤ ᠬᠤᠲᠣᠷᠢᠩᠬᠠᠢ ᠭᠡᠳᠡᠰᠦᠨ ᠤ ᠰᠢᠷᠬᠠᠯᠠᠭ᠎ᠠ ᠪᠣᠶᠤ ᠰᠡᠶᠢᠮᠡᠬᠡᠢ ᠬᠡᠯᠪᠡᠷᠢ ᠶᠢᠨ ᠴᠢᠰᠤᠨ ᠰᠤᠳᠠᠯ ᠤᠨ ᠬᠠᠪᠤᠳᠠᠷ ᠭᠡᠵᠦ ᠣᠨᠣᠰᠢᠯᠠᠭᠠᠳ ᠬᠠᠭᠠᠰ ᠵᠢᠯ ᠡᠮᠨᠡᠯᠭᠡ ᠳᠤ ᠰᠠᠭᠤᠭᠰᠠᠨ ᠪᠣᠯᠪᠠᠴᠣ ᠢᠯᠡᠳᠲᠡ ᠡᠳᠡᠭᠡᠷᠡᠭᠰᠡᠨ ᠦᠭᠡᠢ ᠮᠦᠷᠲᠡᠭᠡᠨ 30 ᠭᠠᠷᠤᠢ ᠲᠦᠮᠡᠨ ᠲᠥᠭᠦᠷᠢᠭ ᠵᠠᠷᠤᠴᠠᠭᠤᠯᠤᠭᠰᠠᠨ ᠪᠠᠶᠢᠵᠠᠢ᠃ ᠢᠩᠭᠢᠭᠡᠳ ᠠᠷᠭ᠎ᠠ ᠪᠤᠰᠤ ᠠᠯᠲᠠᠩᠭᠤᠣᠯ ᠡᠮᠨᠡᠯᠭᠡ ᠶᠢᠨ ᠬᠤᠷᠢᠶᠠᠨ ᠳᠤ ᠬᠦᠷᠴᠦ ᠰᠦᠬᠡᠪᠠᠭᠠᠲᠤᠷ ᠡᠮᠴᠢ ᠶᠢ ᠡᠷᠢᠵᠤ ᠡᠮᠴᠢᠯᠡᠭᠦᠯᠵᠡᠢ᠃ ᠰᠦᠬᠡᠪᠠᠭᠠᠲᠤᠷ ᠮᠣᠩᠭᠤᠯ ᠡᠮᠴᠢᠯᠡᠭᠡᠨ ᠤ ᠤᠯᠠᠮᠵᠢᠯᠠᠯᠲᠤ ᠵᠠᠰᠠᠯ  ᠢᠶᠠᠷ 4 ᠰᠠᠷ᠎ᠠ ᠭᠠᠷᠣᠢ ᠡᠮᠴᠢᠯᠡᠬᠦ ᠳᠤ ᠭᠠᠩᠪᠠᠭᠠᠲᠤᠷ ᠤᠨ ᠬᠥᠥ ᠶᠢᠨ ᠬᠢᠨᠢ ᠡᠪᠡᠳᠴᠢᠨ ᠨᠢ ᠢᠯᠡᠷᠡᠰᠢᠵᠦ᠂ ᠠᠭᠠᠵᠢᠮ ᠢᠶᠠᠷ ᠡᠷᠡᠭᠦᠯᠵᠢᠨ᠂ ᠡᠷᠡᠭᠦᠯ ᠬᠡᠣᠬᠡᠳ ᠤᠳ ᠲᠠᠢ ᠠᠳᠠᠯᠢᠬᠠᠨ ᠪᠤᠯᠵᠤ᠂ ᠰᠤᠷᠭᠠᠭᠤᠯᠢ ᠳᠠᠭᠠᠨ ᠲᠠᠬᠢᠨ ᠶᠠᠪᠤᠵᠤ ᠰᠣᠷᠣᠯᠴᠠᠭᠰᠠᠨ ᠪᠠᠶᠢᠨ᠎ᠠ᠃
   ᠪᠠᠰᠠ ᠨᠢᠭᠡᠨ ᠤᠳᠠᠭ᠎ᠠ᠂ ᠠᠯᠲᠠᠩᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠶᠠᠨ ᠳᠤ ᠪᠠᠭᠲᠠᠬᠤ ᠪᠠᠯᠭᠠᠷᠭᠤᠣᠯ ᠭᠠᠴᠠᠭᠠᠨ ᠤ ᠨᠢᠭᠡᠨ ᠨᠠᠰᠦᠲᠠᠨ ᠭᠡᠨᠡᠳᠲᠡ ᠡᠪᠡᠳᠴᠢᠯᠡᠵᠦ᠂ ᠶᠡᠭᠡ ᠡᠮᠨᠡᠯᠭᠡ ᠶᠢᠨ ᠬᠤᠷᠢᠶ᠎ᠠ ᠬᠤᠳᠣᠭᠤᠳᠤᠨ ᠤ ᠬᠤᠣᠷᠲᠤ ᠬᠠᠪᠤᠳᠠᠷ ᠭᠡᠮᠡᠨ ᠣᠨᠣᠰᠢᠯᠠᠵᠤ᠂ ᠮᠡᠰᠡ ᠵᠠᠰᠠᠯ ᠬᠢᠬᠦ ᠶᠢ ᠰᠠᠨᠠᠭᠠᠴᠢᠯᠠᠵᠠᠢ᠃ ᠡᠪᠡᠳᠴᠢᠲᠡᠨ ᠤ ᠭᠡᠷ ᠪᠦᠯᠢ ᠶᠢᠨ ᠣᠯᠠᠨ ᠲᠠᠯ᠎ᠠ ᠶᠢᠨ ᠰᠢᠯᠲᠠᠭᠠᠨ ᠠᠴᠠ ᠪᠣᠯᠵᠤ ᠭᠠᠳᠠᠭᠰᠢ ᠶᠠᠪᠤᠭᠰᠠᠨ ᠦᠭᠡᠢ ᠠᠯᠲᠠᠩᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠳᠤ ᠪᠠᠨ ᠢᠷᠡᠵᠦ ᠡᠮᠴᠢᠯᠡᠭᠦᠯᠬᠦ ᠳᠤ᠂ ᠰᠦᠬᠡᠪᠠᠭᠠᠲᠤᠷ ᠡᠮᠴᠢ ᠬᠠᠯᠠᠭᠤᠮᠰᠤᠭ ᠢᠶᠠᠷ ᠲᠤᠰᠤᠨ ᠠᠪᠴᠤ ᠡᠮᠴᠢᠯᠡᠭᠰᠡᠨ ᠮᠦᠷᠲᠡᠭᠡᠨ ᠰᠠᠷ᠎ᠠ ᠪᠦᠷᠢ ᠬᠤᠶᠠᠷ ᠣᠳᠠᠭ᠎ᠠ ᠡᠪᠡᠳᠴᠢᠲᠡᠨ ᠤ ᠭᠡᠷ ᠲᠤ ᠬᠦᠷᠴᠦ᠂ ᠡᠪᠡᠳᠴᠢᠨ ᠤ ᠪᠠᠶᠢᠳᠠᠯ ᠢ  ᠨᠢ ᠠᠰᠠᠭᠤᠨ ᠯᠠᠪᠯᠠᠵᠤ᠂ ᠡᠮ  ᠲᠠᠩ  ᠢ ᠨᠢ ᠲᠤᠬᠢᠷᠠᠭᠤᠯᠤᠨ ᠥᠭᠳᠡᠭ ᠪᠠᠶᠢᠵᠤ᠂ ᠰᠦᠬᠡᠪᠠᠭᠠᠲᠤᠷ ᠡᠮᠴᠢ ᠶᠢᠨ ᠨᠠᠷᠢᠨ ᠨᠢᠮᠪᠠᠢ ᠬᠠᠷᠠᠭᠠᠯᠵᠠᠯ ᠳᠣᠣᠷ᠎ᠠ᠂ ᠵᠢᠷᠭᠤᠭᠠᠨ ᠰᠠᠷ᠎ᠠ ᠶᠢᠨ ᠡᠮᠴᠢᠯᠡᠭᠡ ᠪᠠᠷ ᠳᠡᠮᠵᠢᠨ ᠡᠪᠡᠳᠴᠢᠲᠡᠨ ᠤ ᠡᠪᠡᠳᠴᠢᠨ ᠤ ᠪᠠᠶᠢᠳᠠᠯ  ᠨᠢ ᠢᠯᠡᠳᠲᠡ ᠰᠠᠶᠢᠵᠢᠷᠠᠭᠰᠠᠨ ᠪᠠᠶᠢᠨ᠎ᠠ᠃    ᠬᠥᠳᠡᠭᠡ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠨᠢ ᠬᠠᠷᠢᠶ᠎ᠠ ᠲᠤᠭᠤᠷᠢᠭ ᠤᠨ ︽ᠭᠡᠷ ᠪᠦᠯᠢ ᠶᠢᠨ ᠡᠮᠴᠢ︾ ᠬᠡᠬᠦ ᠪᠠᠰᠠ ᠨᠢᠭᠡᠨ ᠠᠵᠢᠯ ᠤᠨ ᠡᠭᠦᠷᠭᠡᠯᠡᠯ ᠲᠠᠢ ᠪᠠᠶᠢᠳᠠᠭ᠃ ︽ᠭᠡᠷ ᠪᠦᠯᠢ ᠶᠢᠨ ᠡᠮᠴᠢ︾ ᠪᠣᠯᠤᠭᠰᠠᠨ ᠤ ᠬᠤᠪᠢ ᠳᠤ ᠰᠦᠬᠡᠪᠠᠭᠠᠲᠤᠷ ᠲᠣᠭᠲᠠᠮᠠᠯ ᠬᠤᠭᠤᠴᠠᠭ᠎ᠠ ᠲᠠᠢ ᠪᠠᠷ ᠮᠠᠯᠴᠢᠳ ᠤᠨ ᠭᠡᠷ ᠲᠤ ᠬᠦᠷᠴᠦ᠂ ᠣᠳᠠᠭᠠᠨ ᠴᠢᠨᠠᠷ ᠤᠨ ᠡᠪᠡᠳᠴᠢᠲᠡᠨ ᠪᠣᠯᠣᠨ ᠨᠠᠰᠣᠲᠠᠶᠢᠴᠣᠳ ᠤᠨ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠶᠢ ᠬᠡᠮᠵᠢᠨ᠂ ᠰᠣᠳᠠᠯ ᠪᠠᠷᠢᠵᠤ ᠡᠮ ᠲᠤᠬᠢᠷᠠᠭᠤᠯᠤᠨ ᠥᠭᠴᠦ᠂ ᠢᠳᠡᠭᠡᠨ ᠤᠮᠳᠠᠭᠠᠨ ᠪᠠ ᠡᠮ ᠬᠡᠷᠡᠭᠯᠡᠬᠦ ᠲᠠᠯ᠎ᠠ ᠪᠠᠷ ᠠᠩᠬᠠᠷᠬᠤ ᠵᠦᠢᠯᠡᠰ ᠢ ᠴᠠᠭ ᠢᠮᠠᠭᠲᠠ ᠰᠠᠨᠠᠭᠤᠯᠳᠠᠭ ᠪᠠᠶᠢᠵᠠᠢ᠃ ᠲᠡᠷᠡ ᠡᠪᠦᠯ ᠵᠤᠨ ᠭᠡᠰᠡᠨ ᠦᠭᠡᠢ ᠬᠠᠯᠠᠭᠤᠨ ᠬᠦᠢᠲᠡᠨ ᠢ ᠬᠠᠶᠢᠬᠤᠷᠣᠯ ᠦᠭᠡᠢ᠂ ᠬᠥᠳᠡᠭᠡ ᠨᠤᠲᠤᠭ ᠤᠨ ᠤᠷᠲᠤ ᠠᠴᠠ ᠤᠷᠲᠤ ᠵᠠᠮ ᠢ ᠡᠪᠬᠡᠨ᠂ ᠠᠶᠢᠯ ᠠᠶᠢᠯ ᠢᠶᠠᠷ ᠳᠠᠮᠵᠢᠨ ᠡᠮᠴᠢᠯᠡᠵᠦ᠂ ᠮᠠᠯᠴᠢᠨ ᠲᠦᠮᠡᠨ ᠤ ᠪᠠᠨ ᠡᠷᠡᠭᠦᠯ ᠮᠡᠨᠳᠦ ᠶᠢᠨ ᠲᠥᠯᠦᠭᠡ ᠦᠢᠯᠡᠴᠢᠯᠡᠵᠦ᠂ ᠡᠪᠡᠳᠴᠢᠲᠡᠨ ᠨᠢᠭᠡᠪᠦᠷᠢ ᠳᠤ ᠬᠦᠰᠡᠯ ᠡᠷᠡᠮᠡᠯᠵᠡᠯ ᠤᠯᠭᠤᠭᠰᠠᠨ ᠪᠠᠶᠢᠨ᠎ᠠ᠃    ᠰᠦᠬᠡᠪᠠᠭᠠᠲᠤᠷ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠰ ᠲᠤ ᠭᠤᠴᠢᠨ ᠬᠠᠪᠤᠷ ᠨᠠᠮᠤᠷ ᠢ ᠵᠤᠷᠢᠭᠤᠯᠬᠤ ᠳᠠᠭᠠᠨ᠂ ︽ᠡᠮᠴᠢ  ︾ ᠭᠡᠮᠡᠬᠦ ᠠᠯᠳᠠᠷ ᠢᠶᠠᠨ ᠡᠷᠬᠢᠮᠯᠡᠨ ᠳᠡᠭᠡᠳᠦᠯᠡᠵᠦ᠂ ᠠᠵᠢᠯᠴᠢ ᠪᠤᠷᠤᠭᠵᠢᠭᠤᠨ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠳᠠᠷᠤᠤ ᠬᠢᠴᠢᠶᠡᠩᠭᠦᠢ ᠣᠪᠣᠷ ᠢᠶᠠᠷ ᠡᠪᠡᠳᠴᠢᠲᠡᠨ ᠨᠢᠭᠡᠪᠦᠷᠢ ᠶᠢ ᠬᠠᠯᠠᠮᠵᠢᠯᠠᠨ᠂ ᠤᠯᠠᠨ ᠠᠴᠠ ᠬᠡᠳᠦᠶᠢᠳᠦᠭᠰᠡᠨ ᠡᠮᠨᠡᠯᠭᠡ ᠶᠢᠨ ᠮᠡᠷᠭᠡᠵᠢᠯ ᠪᠠ ᠳᠣᠲᠣᠨᠣ ᠦᠢᠯᠡᠴᠢᠯᠡᠭᠡ ᠪᠠᠷ ᠢᠶᠠᠨ ᠡᠮᠨᠡᠯᠭᠡ ᠶᠢᠨ ᠬᠤᠷᠢᠶᠠᠨ ᠤ ᠬᠠᠮᠲᠤ ᠠᠵᠢᠯᠯᠠᠭᠰᠠᠳ ᠵᠢᠴᠢ ᠥᠷᠭᠡᠨ ᠤᠯᠠᠨ ᠮᠠᠯᠴᠢᠨ ᠲᠦᠮᠡᠨ ᠤ ᠪᠠᠨ ᠬᠦᠷᠢᠶᠡᠯᠡᠯ ᠢ ᠣᠯᠵᠤ᠂ ᠤᠯᠠᠨ ᠰᠠᠶᠢᠬᠠᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠨ᠂ 2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠭᠡᠷ ᠪᠦᠯᠢ ᠶᠢᠨ ᠡᠮᠴᠢ︾ ᠶᠢᠨ ᠢᠷᠡᠭᠤ ᠠᠯᠳᠠᠷ ᠢ ᠬᠦᠷᠲᠡᠭᠰᠡᠨ ᠪᠠᠶᠢᠨ᠎ᠠ᠃ ᠡᠶᠢᠨᠬᠦ ᠰᠦᠬᠡᠪᠠᠭᠠᠲᠤᠷ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠰ ᠲᠤ ᠭᠠᠷᠮᠠᠭᠠᠶᠢᠯᠠᠨ ᠠᠵᠢᠯᠯᠠᠵᠤ᠂ ᠮᠣᠩᠭᠤᠯ ᠡᠮᠨᠡᠯᠭᠡ ᠶᠢᠨ ᠷᠢᠳᠢ ᠰᠢᠳᠢ ᠶᠢ ᠣᠯᠠᠨ᠎ᠠ ᠭᠠᠶᠢᠬᠠᠭᠤᠯᠤᠨ᠂ ᠮᠣᠩᠭᠤᠯ ᠠᠨᠠᠭᠠᠬᠤ ᠤᠬᠠᠭᠠᠨ ᠤ ᠤᠯᠠᠮᠵᠢᠯᠠᠯᠲᠤ ᠵᠠᠰᠠᠯ ᠤᠨ ᠮᠡᠷᠭᠡᠵᠢᠯ ᠢ ᠥᠪᠯᠠᠨ ᠣᠯᠠᠮᠵᠢᠯᠠᠵᠤ᠂ ᠲᠥᠭᠡᠭᠡᠨ ᠳᠡᠯᠭᠡᠷᠡᠭᠦᠯᠦᠭᠰᠡᠭᠡᠷ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号