ᠥᠷᠭᠡᠨ ᠣᠯᠠᠨ ᠮᠠᠯᠴᠢᠨ ᠲᠦᠮᠡᠨ᠂ᠰᠠᠭᠤᠭᠠᠯᠢ | ᠠᠷᠠᠳ᠄ | | | ᠲᠠ ᠪᠦᠬᠦᠨ ᠰᠠᠶᠢᠨ ᠪᠠᠶᠢᠨ᠎ᠠ ᠦᠦ︖ | | | ᠣᠯᠠᠨ ᠤ ᠮᠡᠳᠡᠭᠡᠵᠢ ᠪᠡᠷ᠂ ᠣᠳᠣ ᠶᠠᠭ ᠬᠣᠲᠠ | ᠬᠥᠳᠡᠭᠡ ᠶᠢᠨᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠵᠢᠯ | ᠡᠬᠢᠯᠡᠵᠦ ᠪᠠᠶᠢᠭ᠎ᠠ ᠶᠤᠮ᠃ ︽ | ᠡᠪᠡᠳᠴᠢᠯᠡᠪᠡᠯᠡᠮᠴᠢᠯᠡᠭᠡ ᠲᠡᠢ᠂ | ᠡᠮᠴᠢᠯᠡᠭᠡ ᠨᠢ ᠪᠠᠲᠤᠯᠠᠭ᠎ᠠ ᠲᠠᠢ︾ ᠪᠠᠶᠢᠬᠤ | ᠨᠢ ᠠᠷᠠᠳ ᠲᠦᠮᠡᠨ ᠦ ᠬᠠᠮᠤᠭ ᠠᠴᠠ | ᠠᠩᠬᠠᠷᠤᠳᠠᠭ ᠶᠠᠪᠤᠳᠠᠯ ᠪᠠᠶᠢᠵᠤ᠂ | ᠤᠶᠢᠷ᠎ᠠ ᠶᠢᠨᠵᠢᠯ ᠡᠴᠡ ᠥᠷᠭᠡᠨ ᠣᠯᠠᠨ | ᠮᠠᠯᠴᠢᠳ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠬᠤ ᠴᠢᠬᠤᠯᠠ | ᠴᠢᠨᠠᠷ ᠤᠨᠲᠠᠨᠢᠯᠲᠠ ᠤᠯᠠᠮ ᠢᠶᠠᠷ | ᠥᠨᠳᠥᠷᠵᠢᠵᠦ᠂ ᠴᠠᠭ ᠲᠠᠭᠠᠨ ᠳᠠᠭᠠᠳᠬᠠᠯ ᠳᠤ | ᠣᠷᠣᠯᠴᠠᠬᠤ ᠢᠳᠡᠪᠬᠢᠵᠢᠯᠨᠡᠮᠡᠭᠳᠡᠭᠰᠡᠨ | ᠪᠥᠭᠡᠳ ᠤᠯᠠᠨ ᠬᠥᠮᠥᠰ ᠡᠮ ᠡᠮᠨᠡᠯᠭᠡ ᠶᠢᠨ | ᠳᠠᠭᠠᠳᠬᠠᠯ ᠤᠨ ᠠᠰᠢᠭ ᠲᠤᠰᠠ ᠶᠢ | ᠬᠦᠷᠲᠡᠵᠦᠢᠷᠡᠭᠰᠡᠨ ᠨᠢ ᠳᠠᠮᠵᠢᠭ ᠦᠭᠡᠢ᠃ | ᠦᠷᠭᠡᠨ ᠣᠯᠠᠨ ᠮᠠᠯᠴᠢᠨ ᠲᠦᠮᠡᠨ᠂ ᠰᠠᠭᠤᠭᠠᠯᠢ | ᠠᠷᠠᠳ ᠮᠢᠨᠢ ᠬᠣᠲᠠᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠷᠬᠡ | ᠠᠰᠢᠭ ᠢᠶᠠᠨᠪᠠᠲᠤᠯᠠᠬᠤ ᠶᠢᠨ ᠲᠦᠯᠦᠭᠡ | ᠳᠤᠭᠲᠠᠭᠰᠠᠨ ᠴᠠᠭ ᠲᠠᠭᠠᠨ | ᠳᠠᠭᠠᠳᠬᠠᠯ ᠢᠶᠠᠨ ᠲᠤᠰᠢᠶᠠᠭᠠᠷᠠᠢ︕ | ᠳᠠᠭᠠᠳᠬᠠᠯ | ᠲᠤᠰᠢᠶᠠᠬᠤ ᠴᠠᠭ ᠬᠤᠭᠤᠴᠠᠭ᠎ᠠ᠂ | ᠲᠤᠰᠢᠶᠠᠬᠤᠠᠷᠭᠠ ᠬᠡᠯᠪᠠᠷᠢ ᠶᠢᠨ | ᠱᠠᠭᠠᠷᠳᠠᠯᠭ᠎ᠠ ᠶᠢ ᠲᠤᠤᠷᠠᠬᠢ ᠮᠡᠲᠦ | ᠡᠮᠬᠢᠯᠡᠯᠡ᠃ | | | ᠨᠢᠭᠡ ᠂ ᠰᠦᠢᠳᠬᠡᠯ ᠲᠤᠰᠢᠶᠠᠬᠤ ᠬᠦᠷᠢᠶ᠎ᠡ | ᠬᠡᠪᠴᠢᠶ᠎ᠡ | | | ᠳᠠᠭᠠᠳᠬᠠᠯ ᠳᠤᠣᠷᠣᠯᠴᠠᠬᠤ ᠶᠣᠰᠣᠲᠠᠢ
| ᠬᠥᠮᠦᠰ ᠄ ᠮᠠᠨ ᠤ ᠬᠤᠰᠢᠭᠤᠨ ᠤ ᠵᠠᠰᠠᠭ
| ᠵᠠᠬᠢᠷᠭᠠᠨ ᠤ ᠬᠡᠪᠴᠢᠶ᠎ᠡ ᠳᠡᠬᠢ
| ᠠᠯᠪᠠᠨᠠᠵᠢᠯᠲᠠᠨ ᠤ ᠦᠨᠳᠦᠰᠦᠨ ᠡᠮ ᠡᠮᠨᠡᠯᠭᠡ
| ᠶᠢᠨ ᠳᠠᠭᠠᠳᠬᠠᠯ ᠤᠨ ᠬᠦᠷᠢᠶ᠎ᠡ ᠬᠡᠪᠴᠢᠶᠡᠨ
| ᠳᠤ ᠥᠯᠥ ᠪᠠᠭᠲᠠᠬᠤ ᠬᠣᠲᠠ ᠬᠥᠳᠡᠭᠡ ᠶᠢᠨ
| ᠰᠠᠭᠤᠭᠠᠯᠢ ᠠᠷᠠᠳ ᠂ᠡᠭᠦᠨ ᠳᠤ ᠬᠣᠲᠠ
| ᠪᠠᠯᠭᠠᠰᠤᠨ ᠤ ᠠᠵᠢᠯ ᠥᠬᠡᠢ ᠰᠠᠭᠤᠭᠠᠯᠢ
| ᠠᠷᠠᠳ ᠂ ᠮᠠᠯᠵᠢᠬᠤ ᠣᠷᠣᠨ ᠤ ᠰᠠᠭᠤᠭᠠᠯᠢᠠᠷᠠᠳ
| ᠂ ᠡᠯ᠎ᠡ ᠰᠤᠷᠭᠠᠭᠤᠯᠢ ᠶᠢᠨ ᠰᠣᠷᠣᠭᠴᠢ ᠂
| ᠰᠤᠷᠬᠤ ᠨᠠᠰᠤᠨ ᠠᠴᠠ ᠡᠮᠦᠨᠡᠬᠢ ᠬᠡᠦᠬᠡᠳ ᠂
| ᠤᠯᠤᠰ ᠪᠠᠥᠪᠡᠷᠲᠡᠭᠡᠨ ᠵᠠᠰᠠᠬᠤ ᠣᠷᠣᠨ ᠠᠴᠠ
| ᠲᠣᠭᠲᠠᠭᠠᠭᠰᠠᠨ ᠪᠤᠰᠤᠳ ᠬᠥᠮᠦᠰ ᠢ
| ᠪᠠᠭᠲᠠᠭᠠᠨ᠎ᠠ᠃ ᠡᠲᠡᠭᠡᠷ ᠬᠥᠮᠦᠰᠨᠢ
| ᠰᠠᠭᠤᠭ᠎ᠠ ᠭᠠᠵᠠᠷ ᠤᠨ ᠬᠣᠲᠠ ᠬᠥᠳᠡᠭᠡ ᠶᠢᠨ
| ᠰᠠᠭᠤᠭᠠᠯᠢ ᠠᠷᠠᠳ ᠤᠨ ᠦᠨᠳᠦᠰᠦᠨ ᠡᠮ
| ᠡᠮᠨᠡᠯᠭᠡ ᠶᠢᠨᠳᠠᠭᠠᠳᠬᠠᠯ ᠳᠤ ᠣᠷᠣᠯᠴᠠᠬᠤ
| ᠬᠡᠷᠡᠭᠲᠡᠢ᠃
| ᠳᠠᠭᠠᠳᠬᠠᠯ ᠳᠤ ᠣᠷᠣᠯᠴᠠᠵᠤ ᠪᠣᠯᠬᠤ ᠬᠥᠮᠦᠰ
| ᠄ ᠮᠠᠨ ᠤ ᠬᠤᠰᠢᠭᠤᠨ ᠳᠤ ᠣᠷᠳᠣ ᠬᠤᠭᠤᠴᠠᠭ᠎ᠠ
| ᠪᠠᠷ ᠰᠠᠭᠤᠷᠢᠰᠢᠭᠰᠠᠨᠭᠠᠳᠠᠨᠠ ᠣᠷᠣᠨ ᠤ
| ᠡᠷᠦᠭᠡ ᠠᠮᠠ ᠶᠢᠨ
| ᠳᠠᠩᠰᠠ ᠲᠠᠢᠰᠠᠭᠤᠭᠠᠯᠢ ᠠᠷᠠᠳ᠂ ᠠᠯᠪᠠᠨ
| ᠠᠵᠢᠯᠲᠠᠨ ᠤ ᠡᠮ ᠡᠮᠨᠡᠯᠭᠡ ᠶᠢᠨ
| ᠳᠠᠭᠠᠳᠬᠠᠯ ᠪᠤᠶᠤᠪᠣᠰᠣᠳ ᠭᠠᠵᠠᠷ ᠣᠷᠣᠨ ᠤ
| ᠰᠠᠭᠤᠭᠠᠯᠢ ᠠᠷᠠᠳ ᠤᠨ ᠡᠮ ᠡᠮᠨᠡᠯᠭᠡ ᠶᠢᠨ
| ᠳᠠᠭᠠᠳᠬᠠᠯ ᠳᠤ ᠣᠷᠣᠯᠴᠠᠭᠰᠠᠨᠥᠬᠡᠢ ᠬᠥᠮᠦᠰ
| ᠮᠠᠨ ᠤ ᠬᠤᠰᠢᠭᠤᠨ ᠤ ᠰᠠᠭᠤᠭᠠᠯᠢ ᠠᠷᠠᠳ ᠤᠨ
| ᠡᠮ ᠡᠮᠨᠡᠯᠭᠡ ᠶᠢᠨ
| ᠳᠠᠭᠠᠳᠬᠠᠯ ᠳᠤ ᠰᠠᠢᠨ ᠲᠤᠷ᠎ᠠ ᠠᠴᠠ ᠪᠠᠨ
| ᠣᠷᠣᠯᠴᠠᠵᠤ ᠪᠣᠯᠤᠨ᠎ᠠ᠃
| ᠬᠣᠶᠠᠷ ᠂ ᠰᠦᠢᠳᠬᠡᠯ ᠲᠤᠰᠢᠶᠠᠬᠤ
| ᠴᠠᠭᠬᠤᠭᠤᠴᠠᠭᠠ
| 2024ᠣᠨ ᠤ 9 ᠰᠠᠷ᠎ᠠ ᠶᠢᠨ 1 ᠦ ᠡᠳᠦᠷ ᠡᠴᠡ
| 2025ᠣᠨ ᠤ 2
| ᠰᠠᠷ᠎ᠠ ᠶᠢᠨ 28 ᠦ ᠡᠳᠦᠷ᠃
| ᠭᠤᠷᠪᠠ᠂ ᠰᠦᠢᠳᠬᠡᠯ ᠲᠤᠰᠢᠶᠠᠬᠤᠪᠠᠷᠢᠮᠵᠢᠶ᠎ᠠ
| 2025 ᠣᠨ ᠳᠤ ᠪᠥᠬᠥ ᠬᠣᠰᠢᠭᠤᠨ ᠤ ᠬᠣᠲᠠ ᠬᠥᠳᠡᠭᠡ ᠶᠢᠨ ᠰᠠᠭᠤᠭᠠᠯᠢᠠᠷᠠᠳ ᠤᠨ ᠦᠨᠳᠦᠰᠦᠨ ᠡᠮ
| ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠦ ᠰᠦᠶᠳᠬᠡᠯ ᠲᠤᠰᠢᠶᠠᠬᠤᠪᠠᠷᠢᠮᠵᠢᠶ᠎ᠠ ᠨᠢ
| ᠬᠥᠮᠦᠨ ᠪᠦᠷᠢ ᠶᠢᠨ 400 ᠲᠥᠭᠥᠷᠢᠭ᠃ ᠶᠠᠳᠠᠭᠤ ᠬᠦᠴᠢᠷᠳᠡᠯᠲᠡᠶ ᠣᠯᠠᠨ ᠲᠦᠮᠡᠨ ᠦ
| ᠰᠠᠭᠤᠭᠠᠯᠢᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠤᠪᠢ ᠬᠥᠮᠦᠨ ᠦ
| ᠰᠦᠶᠳᠬᠡᠯ ᠲᠤᠰᠢᠶᠠᠬᠤᠬᠡᠰᠡᠭ ᠲᠦ ᠦᠷᠭᠦᠯᠵᠢᠯᠡᠨ ᠡᠮ ᠡᠮᠨᠡᠯᠭᠡ ᠶᠢᠨ ᠠᠪᠤᠷᠠᠨ ᠲᠤᠰᠠᠯᠠᠬᠤ
| ᠪᠠᠯᠠ ᠮᠥᠩᠭᠥ ᠶᠢ ᠬᠡᠷᠡᠭᠯᠡᠨ ᠲᠥᠷᠥᠯᠬᠤᠪᠢᠶᠠᠨ ᠲᠤᠰᠠᠯᠠᠨ᠎ᠠ᠃ ᠡᠭᠦᠨ ᠳᠦ ᠣᠨᠴᠠ
| ᠬᠦᠴᠢᠷᠳᠡᠯᠲᠡᠶ ᠬᠥᠮᠦᠰ ᠂ ᠥᠨᠥᠴᠢᠨ ᠬᠡᠸᠬᠡᠳ ᠂ ᠪᠣᠳᠠᠲᠠᠶᠠᠰᠠᠷᠠᠨ ᠲᠡᠵᠢᠭᠡᠬᠦ ᠬᠥᠮᠦᠨ
| ᠥᠬᠡᠶ ᠬᠡᠸᠬᠡᠳ ᠦᠨ ᠬᠤᠪᠢ ᠬᠥᠮᠦᠨ ᠦ ᠲᠤᠰᠢᠶᠠᠬᠤ ᠰᠦᠶᠳᠬᠡᠯ ᠦᠨ ᠬᠡᠰᠡᠭ ᠢᠪᠥᠬᠥ
| ᠲᠣᠭ᠎ᠠ ᠪᠠᠷ ᠲᠤᠰᠠᠯᠠᠨ᠎ᠠ᠃ ᠳᠣᠣᠷᠠᠪᠠᠲᠤᠯᠠᠭᠠᠲᠤ ᠡᠷᠦᠬᠡ ᠂ ᠳᠠᠬᠢᠨ ᠶᠠᠳᠠᠭᠤᠷᠠᠭᠰᠠᠳ᠂
| ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤᠰᠠᠯᠠᠭᠠ ᠮᠥᠴᠢᠷ ᠦᠨ ᠪᠠᠶᠢᠴᠠᠭᠠᠨ
| ᠰᠢᠯᠭᠠᠬᠤ ᠬᠦᠷᠢᠶ᠎ᠡ ᠬᠡᠪᠴᠢᠶᠡᠨ ᠳᠦ ᠣᠷᠣᠭᠤᠯᠤᠭᠰᠠᠨ ᠣᠷᠣᠯᠭ᠎ᠠ
| ᠪᠠᠭᠠᠲᠠᠢ ᠶᠠᠳᠠᠭᠤ ᠠᠴᠠ ᠠᠩᠭᠢᠵᠢᠷᠠᠭᠰᠠᠨᠨᠢ ᠲᠣᠭᠲᠠᠭᠤᠨ ᠪᠤᠰᠤ ᠬᠥᠮᠦᠰ ᠂ ᠠᠮᠠᠷᠬᠠᠨ
| ᠶᠠᠳᠠᠭᠤᠷᠠᠵᠤ ᠮᠡᠳᠡᠬᠦ ᠪᠠ ᠭᠡᠨᠡᠳᠲᠡ ᠶᠢᠨ ᠪᠠᠶᠢᠳᠠᠯ ᠢᠶᠠᠷ
| ᠬᠦᠨᠳᠦ ᠨᠣᠴᠢᠲᠠᠶᠬᠦᠴᠢᠷᠳᠡᠯᠲᠡᠢ ᠪᠣᠯᠬᠤ ᠡᠷᠦᠬᠡ ᠂ ᠨᠢᠭᠡᠳᠦᠭᠡᠷ ᠪᠤᠶᠤ ᠬᠣᠶᠠᠳᠤᠭᠠᠷ
| ᠳᠡᠰ ᠦᠨ ᠵᠡᠮᠳᠡᠭᠴᠦᠳ ᠶᠢᠨ ᠬᠤᠪᠢᠬᠥᠮᠦᠨ ᠦ ᠲᠤᠰᠢᠶᠠᠬᠤ ᠰᠦᠶᠳᠬᠡᠯ ᠦᠨ ᠬᠡᠰᠡᠭ ᠢ ᠪᠥᠬᠥ
| ᠲᠣᠭ᠎ᠠ ᠪᠠᠷ ᠲᠤᠰᠠᠯᠠᠨ᠎ᠠ᠃ ᠮᠠᠯᠵᠢᠬᠤ ᠣᠷᠣᠨ ᠤᠣᠷᠣᠯᠭᠠ ᠪᠠᠭᠠᠲᠠᠢ ᠬᠥᠮᠦᠨ ᠠᠮᠠ ᠶᠢ
| ᠪᠠᠶᠢᠴᠠᠭᠠᠨ ᠰᠢᠯᠭᠠᠬᠤ ᠬᠦᠷᠢᠶ᠎ᠡ ᠬᠡᠪᠴᠢᠶᠡᠨ ᠳᠦ ᠪᠠᠭᠲᠠᠬᠤ
| ᠦᠭᠡᠢ ᠶᠠᠳᠠᠭᠤ ᠠᠴᠠ ᠠᠩᠭᠢᠵᠢᠷᠠᠭᠰᠠᠨ ᠬᠥᠮᠦᠨᠠᠮᠠ ᠳᠤ ᠡᠳ᠋ ᠦᠨ ᠵᠠᠰᠠᠭ ᠠᠴᠠ ᠬᠥᠮᠦᠨ
| ᠪᠦᠷᠢ ᠳᠦ 200 ᠲᠥᠭᠥᠷᠢᠭ ᠦᠨ ᠪᠠᠷᠢᠮᠵᠢᠶ᠎ᠠ ᠪᠠᠷ ᠲᠤᠰᠠᠯᠠᠮᠵᠢ ᠣᠯᠭᠣᠨ᠎ᠠ᠃ ᠡᠭᠦᠨ ᠦ
| ᠬᠠᠮᠲᠤ ᠣᠯᠠᠨ ᠲᠠᠯᠠᠲᠤ ᠴᠢᠨᠠᠷ ᠲᠠᠶᠬᠦᠴᠢᠷᠳᠡᠯᠲᠡᠶ ᠣᠯᠠᠨ ᠲᠦᠮᠡᠨ ᠳᠦ ᠂ ᠬᠠᠮᠤᠭ ᠥᠨᠳᠥᠷ
| ᠪᠠᠷᠢᠮᠵᠢᠶ᠎ᠠ ᠪᠠᠷ ᠲᠡᠳᠬᠦᠨ ᠳᠡᠮᠵᠢᠬᠦ ᠲᠥᠷᠥ ᠶᠢᠨᠪᠣᠳᠣᠯᠭᠠ ᠶᠢ
| ᠬᠡᠷᠡᠭᠵᠢᠭᠦᠯᠵᠦ ᠂ ᠳᠠᠪᠬᠤᠷᠳᠠᠭᠤᠯᠤᠨ ᠲᠡᠳᠬᠦᠵᠦ ᠪᠣᠯᠬᠤ ᠥᠬᠡᠶ ᠃ ᠰᠦᠢᠳᠬᠡᠯᠲᠤᠰᠢᠶᠠᠬᠤ
| ᠬᠤᠭᠤᠴᠠᠭ᠎ᠠ ᠥᠩᠭᠡᠷᠡᠭᠰᠡᠨ ᠦ ᠳᠠᠷᠠᠭ᠎ᠠ᠂ ᠰᠢᠨ᠎ᠡ ᠲᠥᠷᠥᠭᠰᠡᠨ ᠬᠡᠦᠬᠡᠳ ᠲᠥᠷᠥᠭᠰᠡᠨ
| ᠡᠳᠦᠷ ᠡᠴᠡᠡᠬᠢᠯᠡᠵᠦ 90 ᠡᠳᠦᠷ ᠳᠣᠲᠣᠷ᠎ᠠ ᠳᠠᠭᠠᠳᠬᠠᠯ ᠳᠤ ᠣᠷᠣᠵᠤ ᠪᠣᠯᠣᠨ᠎ᠠ᠃ 90 ᠡᠳᠦᠷ ᠡᠴᠡ
| ᠬᠡᠲᠦᠷᠡᠪᠡᠯᠰᠦᠢᠳᠬᠡᠯ ᠲᠤᠰᠢᠶᠠᠵᠤ ᠴᠢᠳᠠᠬᠤ ᠦᠭᠡᠢ᠃
| ᠳᠥᠷᠪᠡ᠂ ᠰᠦᠢᠳᠬᠡᠯ ᠲᠤᠰᠢᠶᠠᠬᠤ ᠠᠷᠭ᠎ᠠᠮᠠᠶ᠋ᠢᠭ
|
|
| ᠰᠦᠯᠵᠢᠶᠡᠨ ᠳᠡᠭᠡᠷ᠎ᠡ ᠰᠦᠶᠳᠬᠡᠯᠲᠤᠰᠢᠶᠠᠬᠤ ᠄ ᠳᠠᠭᠠᠳᠬᠠᠯ ᠳᠤᠣᠷᠣᠭᠰᠠᠳ ᠸᠢᠴᠠᠲ ᠦᠨ︽
| ᠥᠪᠥᠷ ᠮᠣᠩᠭᠣᠯ ᠤᠨ ᠭᠠᠶᠢᠯᠢ ᠶᠢᠨ ᠶᠠᠪᠤᠳᠠᠯ ᠤᠨ
| ᠨᠡᠶᠢᠭᠡᠮ ᠤᠨ ᠳᠠᠭᠠᠳᠬᠠᠯ ᠤᠨᠰᠦᠶᠳᠬᠡᠯ ᠲᠤᠰᠢᠶᠠᠬᠤ ︾︵内蒙古税务社保缴费︶ᠵᠢᠵᠢᠭ
| ᠫᠷᠤᠭ᠍ᠷᠠᠮ ᠢᠶᠠᠷ ᠰᠦᠶᠳᠬᠡᠯ ᠲᠤᠰᠢᠶᠠᠵᠤ ᠪᠣᠯᠤᠨ᠎ᠠ᠃ ᠸᠢᠴᠠᠲ ᠤᠨ︽ ᠬᠣᠲᠠ ᠶᠢᠨ
| ᠦᠶᠯᠡᠴᠢᠯᠡᠭᠡ ︾︵城市服务︶ ᠶᠢᠨ ᠵᠠᠭᠪᠤᠷ ᠲᠤ ᠣᠷᠣᠵᠤ ᠂ ᠬᠡᠷᠡᠭ ᠡᠷᠭᠢᠯᠡᠬᠦ ᠲᠢᠩᠬᠢᠮ︵办事
| 大厅︶ ᠦᠨ ︽ ᠥᠪᠥᠷ ᠮᠣᠩᠭᠣᠯ ᠤᠨ ᠨᠡᠶᠢᠭᠡᠮ ᠦᠨ ᠳᠠᠭᠠᠳᠬᠠᠯ ᠤᠨ ᠰᠦᠶᠳᠬᠡᠯ ᠲᠤᠰᠢᠶᠠᠬᠤ
| ︾︵内蒙古社
| 保缴费︶ ᠪᠠᠷ ᠳᠡᠮᠵᠢᠨ ᠰᠦᠶᠳᠬᠡᠯ ᠲᠤᠰᠢᠶᠠᠵᠤ ᠪᠣᠯᠤᠨ᠎ᠠ᠃︽ ᠮᠥᠩᠬᠡ ᠰᠤᠪᠠᠭ︾App ᠲᠡᠬᠢ
| ︽ᠨᠡᠶᠢᠭᠡᠮ ᠦᠨ ᠳᠠᠭᠠᠳᠬᠠᠯ ᠤᠨ ᠰᠦᠶᠳᠬᠡᠯ ᠲᠤᠰᠢᠶᠠᠬᠤ︾︵社保缴费︶ ᠦᠶᠯᠡᠴᠢᠯᠡᠭᠡ ᠪᠡᠷ ᠳᠠᠮᠵᠢᠨ
| ᠰᠦᠶᠳᠬᠡᠯ ᠲᠤᠰᠢᠶᠠᠵᠤ ᠪᠣᠯᠤᠨ᠎ᠠ᠃︽ ᠲᠣᠭᠠᠴᠠᠭ᠎ᠠ ᠡᠷᠳᠡᠨᠢ ︾︵支付宝)App ᠲᠡᠬᠢ ᠬᠣᠲᠠ ᠶᠢᠨ ᠠᠷᠠᠳ ᠤᠨ ᠲᠥᠪ ᠤᠨ ︽ ᠨᠡᠶᠢᠭᠡᠮ ᠤᠨ ᠳᠠᠭᠠᠳᠬᠠᠯ ︾︵社保︶ ᠤᠨ ᠬᠠᠭᠤᠳᠠᠰᠤ ᠪᠠᠷ
| ᠳᠠᠮᠵᠢᠨ ᠰᠦᠶᠳᠬᠡᠯ ᠲᠤᠰᠢᠶᠠᠵᠤ ᠪᠣᠯᠤᠨ᠎ᠠ᠃ ᠰᠦᠯᠵᠢᠶᠡᠨ ᠳᠡᠭᠡᠷᠡᠰᠦᠶᠳᠬᠡᠯ ᠲᠤᠰᠢᠶᠠᠵᠤ ᠳᠠᠭᠠᠳᠬᠠᠯ ᠳᠦ ᠣᠷᠣᠯᠴᠠᠭᠰᠠᠳ 2—3 ᠠᠵᠢᠯᠯᠠᠬᠤ ᠡᠳᠦᠷ ᠤᠨ ᠳᠠᠷᠠᠭᠠᠸᠢᠴᠠᠲ ᠤᠨ ︽ᠥᠪᠥᠷ
| ᠮᠣᠩᠭᠣᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨᠳᠠᠭᠠᠳᠬᠠᠯ ᠤᠨ ᠰᠦᠶᠳᠬᠡᠯ ᠲᠤᠰᠢᠶᠠᠬᠤ ︾ᠵᠢᠵᠢᠭ ᠫᠷᠤᠭ᠍ᠷᠠᠮ ᠢᠶᠠᠷ ᠰᠦᠶᠳᠬᠡᠯ ᠲᠤᠰᠢᠶᠠᠭᠰᠠᠨᠭᠡᠷᠡᠴᠢ ᠪᠠᠷᠢᠮᠲᠠ ᠪᠠᠨ
| ᠪᠠᠶᠢᠴᠠᠭᠠᠨᠯᠠᠪᠯᠠᠬᠤ ᠪᠤᠶᠤ ᠪᠠᠭᠤᠯᠭᠠᠨ ᠠᠪᠴᠤ ᠪᠣᠯᠤᠨ᠎ᠠ ᠃
| ᠰᠦᠯᠵᠢᠶᠡᠨ ᠡᠴᠡ ᠭᠠᠳᠠᠨ᠎ᠠ ᠰᠦᠶᠳᠬᠡᠯ ᠲᠤᠰᠢᠶᠠᠬᠤ ᠄ ᠳᠠᠭᠠᠳᠬᠠᠯ ᠳᠦᠣᠷᠣᠭᠰᠠᠳ ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ
| ᠥᠷᠲᠡᠭᠡ ᠳ᠋ᠤᠬᠦᠷᠴᠦ ᠂ ᠡᠮ ᠡᠮᠨᠡᠯᠭᠡ ᠶᠢᠨ ᠳᠠᠭᠠᠳᠬᠠᠯ ᠤᠨ ᠣᠷᠣᠯᠠᠨ ᠭᠦᠶᠴᠡᠳᠬᠡᠭᠴᠢ ᠪᠡᠷ ᠳᠡᠮᠵᠢᠨ ᠬᠣᠲᠠ ᠬᠥᠳᠡᠭᠡ ᠶᠢᠨ ᠰᠠᠭᠤᠭᠠᠯᠢ ᠠᠷᠠᠳ ᠤᠨᠦᠨᠳᠦᠰᠦᠨ ᠡᠮ ᠡᠮᠨᠡᠯᠭᠡ ᠶᠢᠨ
| ᠳᠠᠭᠠᠳᠬᠠᠯ ᠦᠨ ᠰᠦᠢᠳᠬᠡᠯ ᠢᠶᠡᠨ ᠲᠤᠰᠢᠶᠠᠵᠤ ᠪᠣᠯᠣᠨ᠎ᠠ᠃ ᠳᠠᠭᠠᠳᠬᠠᠯ ᠳᠦ ᠣᠷᠣᠯᠴᠠᠭᠰᠠᠳ ᠲᠣᠰ ᠬᠥᠮᠦᠨ ᠤ ᠪᠡᠶ᠎ᠡ ᠶᠢᠨᠦᠨᠡᠮᠯᠡᠯ ᠢᠶᠡᠨ ᠠᠪᠴᠤ
| ᠭᠠᠶᠢᠯᠢ ᠶᠢᠨᠶᠠᠪᠤᠳᠠᠯ ᠶᠢᠨᠲᠣᠪᠴᠢᠶ᠎ᠠ ᠶᠢᠨ ᠴᠣᠩᠬᠣᠪᠴᠢ ᠳᠤ ᠬᠦᠷᠴᠦ ᠰᠦᠶᠳᠬᠡᠯ ᠪᠠᠨ ᠲᠤᠰᠢᠶᠠᠵᠤ
| ᠪᠣᠯᠣᠨ᠎ᠠ᠃ ᠳᠠᠭᠠᠳᠬᠠᠯ ᠳᠦᠣᠷᠣᠯᠴᠠᠭᠰᠠᠳ ᠲᠣᠰ ᠬᠥᠮᠦᠨ ᠤ ᠪᠡᠶ᠎ᠡ ᠶᠢᠨ ᠦᠨᠡᠮᠯᠡᠯ ᠪᠠ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠺᠠᠷᠲ ᠪᠠᠨ ᠠᠪᠴᠤ ᠂ ᠪᠥᠲᠥᠭᠡᠨ
| ᠪᠠᠶᠢᠭᠤᠯᠤᠯᠲᠠ ᠶᠢᠨᠪᠠᠩᠬᠢ ᠳᠤ ᠬᠦᠷᠴᠦ ᠤᠶᠤᠨᠲᠤ ᠯᠠᠩᠭᠦᠶ ᠶᠢᠨ ᠮᠠᠰᠢᠨ ︵ STM ︶ ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠢᠦᠶ ᠨᠦᠩ ᠲᠦᠩ︵建行裕农通︶ᠵᠡᠷᠭᠡ ᠠᠷᠭ᠎ᠠ
| ᠮᠠᠶ᠋ᠢᠭ ᠢᠶᠡᠷᠬᠣᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠢᠶᠠᠨ ᠲᠤᠰᠢᠶᠠᠵᠤ
| ᠪᠣᠯᠣᠨ᠎ᠠ᠃
|
|
|