ᠪᠠᠷᠠᠭᠤᠨ ᠦᠵᠦᠮᠦᠴᠢᠨ  ᠬᠤᠰᠢᠭᠤᠨ ᠤ 2024 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠬᠤᠢ ᠵᠢᠷᠭᠠᠯᠠᠩᠳᠣ ᠣᠷᠣᠨ︾ ᠭᠡᠬᠦ ᠭᠤᠣᠯ ᠰᠡᠳᠦᠪᠲᠦ ᠦᠳᠡᠰᠢᠯᠡᠭᠡ  ᠶᠠᠪᠤᠭᠳᠠᠪᠠ
ᠨᠡᠶᠢᠲᠡᠯᠡᠭᠰᠡᠨ ᠴᠠᠭ᠄
2024/9/9
   9 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂  ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠲᠠᠮᠢᠷ  ᠵᠢᠭᠤᠯᠴᠢᠯᠠᠯ ᠷᠡᠳᠢᠤ᠋ ᠲᠧᠯᠸᠢᠰ ᠲᠣᠪᠴᠢᠶ᠎ᠠ᠂ ᠤᠯᠠᠭᠠᠨᠮᠥ᠋ᠴᠢᠷ ᠠᠴᠠ ᠬᠠᠮᠳᠣᠷᠠᠨ ᠡᠷᠬᠢᠯᠡᠭᠰᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠶ᠎ᠠ︾ ᠭᠡᠬᠦ ᠭᠤᠣᠯ ᠰᠠᠳᠣᠪᠳᠣ 2024 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠰᠠᠬᠢᠨ ᠪᠠᠷᠠᠯᠠᠵᠤ ᠬᠠᠷᠢᠯᠴᠠᠨ  ᠬᠠᠪᠰᠣᠷᠣᠯᠴᠠᠬᠤᠢ ᠵᠢᠷᠭᠠᠯᠠᠩᠳᠣ ᠣᠷᠣᠨ︾ ᠭᠡᠬᠦ ᠭᠤᠣᠯ ᠰᠡᠳᠦᠪᠲᠦ ᠦᠳᠡᠰᠢᠯᠡᠭᠡ  ᠶᠠᠪᠤᠭᠳᠠᠪᠠ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠪᠤᠯᠤᠳ ᠵᠢᠴᠢ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠬᠡᠴᠠ᠂ ᠬᠤᠪᠢ ᠬᠥᠮᠥᠨ ᠪᠠ ᠵᠢᠱᠢᠶ᠎ᠡ ᠦᠵᠡᠭᠦᠯᠬᠦ ᠨᠢᠭᠡᠴᠡ ᠶᠢᠨ ᠲᠥᠯᠥᠭᠡᠯᠡᠭᠴᠢ᠂ ᠡᠯ᠎ᠡ ᠰᠤᠮᠤ ᠪᠠᠯᠭᠠᠰᠤ᠂᠂ᠠᠵᠢᠯ ᠦᠢᠯᠡᠰ ᠤᠨ ᠨᠢᠭᠡᠴᠡ ᠠᠵᠤ ᠠᠬᠤᠶᠢᠯᠠᠯ ᠤᠨ ᠺᠠᠳ᠋ᠷ ᠠᠵᠢᠯᠲᠠᠨ ᠤ ᠲᠥᠯᠥᠭᠡᠯᠡᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ᠂ ᠮᠠᠯᠴᠢᠨ᠂ ᠰᠠᠭᠤᠭᠠᠯᠢ ᠠᠷᠠᠳ ᠤᠨ ᠲᠥᠯᠥᠭᠡᠯᠡᠭᠴᠢ ᠨᠡᠶᠢᠲᠡ 600 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃    ᠶᠣᠣ ᠬᠤᠩ ᠭᠠᠩ  ︽2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ︾ ᠵᠢᠩᠬᠢᠨᠢ ᠪᠠᠷ ᠡᠬᠢᠯᠡᠭᠰᠡᠨ ᠢ ᠵᠠᠷᠯᠠᠭᠰᠠᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠳᠣᠷ ᠦᠷᠨᠢᠬᠦᠯᠬᠦ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠢ ᠭᠦᠨᠵᠡᠭᠡᠢ ᠬᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠲᠦᠷᠪᠡᠨ ᠬᠠᠮᠲᠤ ︾ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠪᠠ ︽ᠲᠦᠷᠪᠡᠨ ᠬᠠᠮᠲᠤ ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠩ ᠰᠡᠳᠬᠢᠯ ᠠᠴᠠ ᠪᠠᠨ ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ ᠂ ᠰᠡᠳᠬᠢᠯ  ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠯᠪᠡᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂ ᠠᠵᠤ ᠠᠬᠤᠶᠢᠯᠠᠯ᠂ ᠰᠤᠷᠭᠠᠭᠤᠯᠢ᠂ ᠭᠠᠴᠠᠭ᠎ᠠ᠂ ᠨᠡᠶᠢᠭᠡᠮ ᠲᠣᠭᠤᠷᠢᠭ ᠵᠡᠷᠭᠡ ᠬᠦᠷᠢᠶ᠎ᠡ ᠴᠠᠷ᠎ᠠ ᠶᠢᠨ ᠬᠢᠨ ᠡᠨᠡ ᠵᠢᠯ ᠤᠨ 41 ᠳ᠋ᠦ᠋ᠭᠡᠷ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ  ᠠᠵᠢᠯᠯᠠᠭᠠᠨ ᠤ  ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ   ᠢ ᠪᠠᠲᠤ ᠪᠠᠬᠢᠵᠢᠬᠦᠯᠬᠦ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠬᠦᠨᠵᠡᠬᠡᠢ  ᠣᠶᠢᠯᠠᠭᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ  ᠪᠦᠯᠢ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾  ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠬᠡᠵᠡᠢ᠃    ᠦᠳᠡᠰᠢᠯᠡᠭᠡ ᠨᠢ ︽ᠬᠤᠪᠢᠰᠬᠠᠯᠲᠤ ᠳᠤᠷᠠᠰᠤᠮᠵᠢ︾᠂ ︽ᠠᠵᠢᠨᠠᠢ ᠰᠠᠷᠡᠯ︾ ᠵᠡᠷᠭᠡ ᠳᠤᠮᠳᠠᠳᠤ ᠶᠢᠨ ᠰᠣᠶᠣᠯ  ᠤᠨ ᠠᠭᠤᠯᠤᠭᠳᠠᠬᠤᠨ ᠲᠠᠢ᠂ ᠡᠯ᠎ᠡ ᠦᠨᠳᠦᠰᠦᠲᠡᠨ ᠤ ᠰᠣᠶᠣᠯ ᠤᠨ ᠰᠢᠮ᠎ᠡ ᠲᠡᠵᠢᠭᠡᠯ ᠢ ᠭᠦᠢᠴᠡᠳ ᠭᠥᠷᠳᠡᠭᠰᠡᠨ᠂ ᠤᠳᠤ ᠦᠶ᠎ᠡ ᠶᠢᠨ ᠪᠣᠯᠪᠠᠰᠤᠨ ᠢ ᠠᠭᠤᠰᠬᠠᠭᠰᠠᠨ ᠤᠯᠠᠨ ᠪᠦᠲᠦᠭᠡᠯ ᠤᠳ ᠢ ᠬᠠᠮᠤᠷᠴᠦ᠂  ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠭ ᠠᠶᠠᠰ ᠢ ᠴᠢᠪᠬᠠᠳᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠢ  ᠵᠤᠷᠢᠭᠵᠢᠭᠤᠯᠤᠨ ᠲᠠᠶᠢᠴᠢᠯᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号