ᠲᠠᠯ᠎ᠠ ᠨᠤᠳᠤᠭ ᠤᠨ ︽99 ᠨᠤᠮᠧᠷᠳᠤ︾ ᠵᠠᠰᠠᠮᠠᠯ ᠵᠠᠮ ᠢ ᠲᠤᠭᠤᠯᠵᠤ ᠮᠦᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ — ᠤᠯᠠᠭᠠᠨ ᠬᠠᠭᠠᠯᠭ᠎ᠠ ᠰᠤᠮᠤᠨ ᠤ ᠲᠡᠮᠡᠭᠡᠨ ᠰᠤᠶᠤᠯ ᠤᠨ ᠨᠠᠶᠢᠷ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 12 ᠤ ᠡᠳᠦᠷ᠂ ᠲᠠᠯ᠎ᠠ ᠨᠤᠳᠤᠭ ᠤᠨ ︽99 ᠨᠤᠮᠧᠷᠳᠤ︾ ᠵᠠᠰᠠᠮᠠᠯ ᠵᠠᠮ ᠢ ᠲᠤᠭᠤᠯᠵᠤ ᠮᠦᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ — ᠤᠯᠠᠭᠠᠨ ᠬᠠᠭᠠᠯᠭ᠎ᠠ ᠰᠤᠮᠤᠨ ᠤ ᠲᠡᠮᠡᠭᠡᠨ ᠰᠤᠶᠤᠯ ᠤᠨ ᠨᠠᠶᠢᠷ ᠤᠨ ᠡᠯ᠎ᠡ ᠤᠷᠤᠯᠳᠤᠭᠠᠨ ᠤ ᠲᠦᠷᠦᠯ ᠬᠦᠭᠵᠢᠶᠠᠨ ᠲᠠᠢ ᠶᠠᠪᠤᠭᠳᠠᠪᠠ᠃
     ᠲᠤᠰ ᠲᠡᠮᠡᠭᠡᠨ ᠰᠤᠶᠤᠯ ᠤᠨ ᠨᠠᠶᠢᠷ ᠲᠤ᠂ 20 ᠭᠠᠵᠠᠷ ᠤᠨ ᠲᠡᠮᠡᠭᠡᠨ ᠤᠷᠤᠯᠳᠤᠭᠠᠨ᠂ 10 ᠭᠠᠵᠠᠷ ᠤᠨ ᠲᠤᠷᠤᠮ ᠤᠨ ᠤᠷᠤᠯᠳᠤᠭᠠᠨ᠂ ᠭᠠᠩᠭᠠᠩ ᠲᠡᠮᠡᠭᠡᠨ ᠤ ᠰᠢᠯᠭᠠᠷᠠᠭᠤᠯᠤᠯᠳᠠ᠂ ᠡᠮᠨᠢᠭ ᠲᠡᠮᠡᠭᠡ ᠰᠤᠷᠭᠠᠬᠤ᠂ ᠲᠡᠮᠡᠭᠡᠴᠢᠨ ᠠᠶᠢᠯ ᠤᠨ ᠤᠷ᠎ᠠ ᠮᠡᠷᠭᠡᠵᠢᠯ ᠤᠨ ᠦᠵᠡᠭᠦᠯᠭᠡ᠂ ᠲᠡᠮᠡᠭᠡᠨ ᠰᠤᠶᠤᠯ ᠤᠨ ᠲᠤᠬᠠᠢ ᠮᠡᠳᠡᠯᠭᠡ ᠶᠢᠨ ᠤᠷᠤᠯᠳᠤᠭᠠᠨ ᠶᠠᠪᠤᠠᠠᠳᠠᠵᠦ᠂ 20 ᠭᠠᠵᠠᠷ ᠤᠨ ᠲᠡᠮᠡᠭᠡᠨ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠰᠠᠶᠢᠨᠪᠠᠶᠠᠷ ᠤᠨ ᠲᠡᠮᠡᠭᠡ ᠲᠡᠷᠢᠭᠦᠯᠡᠵᠦ᠂ ᠪᠠᠶᠠᠠᠨᠠᠭᠤᠷ ᠬᠤᠳᠠ ᠶᠢᠨ ᠡᠩᠬᠡᠪᠤᠶᠠᠨ ᠤ ᠲᠡᠮᠡᠭᠡ ᠲᠡᠳ᠋ᠯᠡᠵᠦ᠂ ᠪᠠᠶᠠᠠᠨᠠᠭᠤᠷ ᠬᠤᠳᠠ ᠶᠢᠨ ᠬᠠᠰ᠂ ᠡᠷᠢᠶᠡᠨ ᠬᠤᠳᠠ ᠶᠢᠨ ᠪᠦᠬᠡ ᠶᠢᠨ ᠲᠡᠮᠡᠭᠡ ᠲᠤᠰ ᠲᠤᠰ ᠭᠤᠷᠪᠡ ᠲᠦᠷᠪᠡᠳᠦᠭᠡᠷ ᠲᠤ ᠤᠷᠤᠪᠠ᠃ 10 ᠭᠠᠵᠠᠷ ᠤᠨ ᠲᠤᠷᠤᠮ ᠤᠨ ᠤᠷᠤᠯᠳᠤᠭᠠᠨ ᠳᠤ᠂ ᠰᠢᠯᠤᠭᠤᠨ ᠬᠦᠬᠡ ᠬᠤᠰᠢᠭᠤᠨ ᠤ ᠦᠨᠢᠪᠠᠲᠦ ᠶᠢᠨ ᠲᠤᠷᠤᠮ ᠲᠡᠷᠢᠭᠦᠯᠡᠵᠦ᠂ ᠪᠠᠶᠠᠠᠨᠠᠭᠤᠷ ᠬᠤᠳᠠ ᠶᠢᠨ ᠪᠠᠳᠠᠷᠠᠬᠤ ᠶᠢᠨ ᠲᠤᠷᠤᠮ ᠲᠡᠳ᠋ᠯᠡᠵᠦ᠂ ᠵᠡᠭᠦᠨ ᠦᠵᠦᠮᠦᠴᠢᠨ ᠬᠤᠰᠢᠭᠤᠨ ᠤ ᠰᠠᠶᠢᠨᠪᠠᠶᠠᠷ᠂ ᠪᠠᠶᠠᠠᠨᠠᠭᠤᠷ ᠬᠤᠳᠠ ᠶᠢᠨ ᠨᠠᠷᠠᠠᠴᠢᠮᠡᠭ ᠤᠨ ᠲᠤᠷᠤᠮ ᠲᠤᠰ ᠲᠤᠰ ᠭᠤᠷᠪᠠ ᠲᠦᠷᠪᠡᠳᠦᠭᠡᠷ ᠲᠤ ᠤᠷᠤᠪᠠ᠃
    ᠭᠠᠩᠭᠠᠩ ᠲᠡᠮᠡᠭᠡᠨ ᠤ ᠰᠢᠯᠭᠠᠷᠠᠭᠤᠯᠤᠯᠳᠠ᠂ ᠡᠮᠨᠢᠭ ᠲᠡᠮᠡᠭᠡ ᠰᠤᠷᠭᠠᠬᠤ᠂ ᠲᠡᠮᠡᠭᠡᠴᠢᠨ ᠠᠶᠢᠯ ᠤᠨ ᠤᠷ᠎ᠠ ᠮᠡᠷᠭᠡᠵᠢᠯ ᠤᠨ ᠦᠵᠡᠭᠦᠯᠭᠡ᠂ ᠲᠡᠮᠡᠭᠡᠨ ᠰᠤᠶᠤᠯ ᠤᠨ ᠲᠤᠬᠠᠢ ᠮᠡᠳᠡᠯᠭᠡ ᠶᠢᠨ ᠤᠷᠤᠯᠳᠤᠭᠠᠨ ᠨᠢ ᠴᠦ ᠬᠦᠭᠵᠢᠶᠡᠨ ᠲᠠᠢ ᠰᠠᠶᠢᠬᠠᠨ ᠶᠠᠪᠤᠭᠳᠠᠵᠦ᠂ ᠦᠵᠦᠮᠦᠴᠢᠨ ᠨᠤᠳᠤᠭ ᠤᠨ ᠢᠶᠠᠨ ᠬᠤᠤᠰ ᠪᠦᠭᠡᠳᠦ ᠲᠡᠮᠡᠭᠡᠨ ᠤ ᠪᠠᠶ᠎ᠠ ᠪᠢᠯᠳᠠᠷ᠂ ᠤᠨᠤᠯᠭ᠎ᠠ ᠡᠳ᠋ᠯᠡᠭᠡ᠂ ᠠᠷᠠᠴᠢᠯᠠᠭ᠎ᠠ ᠮᠠᠯᠵᠢᠯᠭ᠎ᠠ ᠶᠢ ᠲᠠᠨᠢᠯᠴᠠᠭᠤᠯᠤᠨ᠂ ᠲᠡᠮᠡᠭᠡᠨ ᠤ ᠡᠳ᠋ᠯᠡᠯ ᠬᠡᠷᠡᠭᠯᠡᠯ ᠢᠶᠠᠨ ᠲᠡᠯᠭᠡᠨ ᠦᠵᠡᠭᠦᠯᠵᠦ ᠤᠯᠠᠮᠵᠢᠯᠠᠨ ᠲᠦᠭᠡᠮᠡᠯᠵᠢᠭᠦᠯᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号