ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 103 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/17
   1 ᠰᠠᠷ᠎ᠠ ᠶᠢᠨ 13 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 103 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ 1 ᠰᠠᠷ᠎ᠠ ᠶᠢᠨ 9 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠪᠣᠯᠣᠨ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ 1 ᠰᠠᠷ᠎ᠠ ᠶᠢᠨ 9 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ  ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠪᠥᠬᠦ ᠲᠠᠯ᠎ᠠ  ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠶᠢᠨ ᠴᠢᠬᠤᠯᠠ ᠳᠦᠷᠢᠮ ᠤᠨ ᠲᠣᠬᠢᠷᠠᠭᠤᠯᠤᠯᠲᠠ ᠶᠢ ᠪᠠᠷᠢᠮᠲᠠᠯᠠᠨ ᠴᠢᠩᠭᠠᠳᠬᠠᠵᠤ᠂ ᠨᠠᠮ ᠠᠴᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠳᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠤᠳᠤᠷᠢᠳᠤᠯᠭ᠎ᠠ ᠶᠢ ᠡᠯ᠎ᠡ ᠬᠦᠷᠢᠶ᠎ᠡ ᠡᠯ᠎ᠡ  ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠷᠠᠯᠲᠠ  ᠨᠢᠭᠡᠲᠡᠢ᠂ ᠠᠯᠬᠤᠮ ᠨᠢᠭᠡᠲᠡᠢ ᠪᠠᠶᠢᠬᠤ ᠶᠢ ᠪᠠᠲᠤᠯᠠᠵᠤ᠂ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠣᠷᠤᠬᠤ︾ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠵᠠᠩᠭᠢᠯᠠᠭ᠎ᠠ ᠶᠢᠨ ᠴᠥᠭᠡᠨ ᠲᠣᠭᠠᠨ ᠤ ᠪᠠ ᠵᠠᠩᠭᠢᠯᠠᠭ᠎ᠠ ᠶᠢᠨ ᠬᠦᠷᠢᠶ᠎ᠡ ᠬᠡᠪᠴᠢᠶ᠎ᠡ᠂ ᠵᠠᠩᠭᠢᠯᠠᠭ᠎ᠠ ᠶᠢᠨ ᠭᠤᠭᠴᠤᠭ᠎ᠠ︾ ᠶᠢ ᠴᠢᠩᠭ᠎ᠠ ᠠᠩᠬᠠᠷᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ  ᠰᠠᠶᠢᠲᠤᠷ ᠡᠭᠦᠷᠭᠡᠯᠡᠵᠦ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ  ᠪᠠᠨ ᠦᠨᠡᠨ ᠬᠦ ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠢ ᠪᠠᠲᠤᠳᠬᠠᠨ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠡᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃ ᠬᠤᠷᠠᠯ   ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠰᠣᠶᠣᠯ ᠤᠨ ᠰᠤᠷᠲᠠᠯ ᠤᠬᠠᠭᠤᠯᠭ᠎ᠠ ᠶᠢᠨ ᠠᠵᠢᠯ ᠤᠨ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠨᠢᠭᠡ ᠵᠢᠯ ᠤᠨ ᠦᠵᠡᠯ ᠰᠠᠨᠠᠭ᠎ᠠ ᠰᠣᠶᠣᠯ ᠤᠨ ᠰᠤᠷᠲᠠᠯ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦᠳᠠ ︵ᠥᠷᠭᠡᠳᠬᠡᠭᠰᠡᠨ︶ ᠬᠤᠷᠠᠯ ᠪᠣᠯᠣᠨ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦᠳᠠ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠢᠷᠠᠭᠤ ᠠᠯᠳᠠᠷᠲᠤ ᠤᠯᠠᠮᠵᠢᠯᠠᠯ ᠢ ᠪᠠᠷᠢᠮᠲᠠᠯᠠᠨ᠂ ᠨᠠᠮ ᠤᠨ ᠵᠢᠯᠣᠭᠤᠳᠤᠯᠭ᠎ᠠ ᠶᠢ ᠲᠠᠭᠠᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠴᠡᠷᠢᠭ ᠢ ᠬᠦᠴᠦᠷᠬᠡᠭᠵᠢᠭᠦᠯᠬᠦ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠡᠢ᠃ ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号