1 ᠰᠠᠷ᠎ᠠ ᠶᠢᠨ 13 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠪᠠ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ | ᠪᠦᠭᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ | ᠠᠵᠢᠯ ᠢᠶᠠᠨ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠤᠳᠤᠷᠢᠳᠤᠯᠭ᠎ᠠ ᠦ᠋ ᠵᠦ᠂ ᠠᠨ ᡁᠢ ᠪᠢᠨ᠂ ᠶᠠᠩ ᠴᠢᠩ ᠬᠤᠸᠠ | ᠬᠤᠷᠠᠯ ᠳᠤ ᠣᠷᠣᠯᠴᠠᠵᠠᠢ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠨᠢ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠲᠠᠰᠤᠷᠠᠯᠲᠠ | ᠦᠭᠡᠢ ᠴᠢᠩᠭᠠᠳᠬᠠᠵᠤ᠂ ᠪᠠᠶᠢᠯᠳᠤᠨ ᠲᠡᠮᠡᠴᠡᠬᠦ ᠪᠠᠷ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠴᠡᠷᠢᠭ | ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠢᠮᠠᠭᠲᠠ ᠲᠤᠭ ᠢ ᠡᠷᠭᠦᠨ ᠰᠦᠭ | ᠰᠦᠨᠡᠰᠦ ᠪᠠᠨ ᠱᠤᠭᠤᠵᠤ ᠦᠨᠳᠦᠰᠦ ᠪᠠᠨ ᠪᠠᠬᠢᠵᠢᠭᠦᠯᠬᠦ ᠶᠢ ᠪᠡᠶᠡᠯᠡᠭᠦᠯᠵᠦ᠂ ᠦᠢᠯᠡᠳᠦᠯᠭᠡ ᠪᠠᠷ ᠪᠣᠯᠪᠠᠰᠤᠷᠠᠯ ᠢ | ᠳᠠᠶᠢᠴᠢᠯᠠᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠲᠣᠪᠤᠶᠢᠯᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠴᠢᠩᠭ᠎ᠠ | ᠠᠩᠬᠠᠷᠴᠤ ᠰᠠᠭᠤᠷᠢ ᠪᠠᠨ ᠪᠠᠬᠢᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠰᠢᠨ᠎ᠡ ᠪᠠᠶᠢᠳᠠᠯ ᠢ ᠬᠠᠮᠲᠤ ᠪᠠᠷ ᠡᠭᠦᠳᠴᠦ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠳᠤ ᠮᠠᠰᠢ ᠰᠠᠶᠢᠨ ᠬᠥᠭᠵᠢᠯᠲᠡ ᠶᠢᠨ ᠬᠠᠨᠳᠤᠰᠢ ᠶᠢ | ᠲᠠᠰᠤᠷᠠᠯᠲᠠ ᠦᠭᠡᠢ ᠪᠣᠢ ᠪᠣᠯᠭᠠᠭᠰᠠᠨ ᠪᠠᠶᠢᠨ᠎ᠠ ᠭᠡᠵᠡᠢ᠃ | | ᠬᠤᠷᠠᠯ ᠠᠴᠠ ᠴᠢᠬᠤᠯᠠᠴᠢᠯᠠᠭᠰᠠᠨ ᠨᠢ᠂ 2025 ᠣᠨ ᠪᠣᠯ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ | ᠢᠯᠠᠯᠲᠠ ᠶᠢ ᠣᠯᠬᠤ ᠴᠢᠳᠠᠪᠤᠷᠢ ᠶᠢ ᠪᠦᠷᠢᠯᠳᠦᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠡᠯ᠎ᠡ ᠱᠠᠲᠤᠨ ᠤ ᠬᠢᠨ ᠤᠯᠤᠰ ᠲᠦᠷᠦ ᠶᠢ ᠡᠷᠬᠢᠮᠯᠡᠨ ᠴᠡᠷᠢᠭ ᠤᠨ ᠪᠠᠶᠢᠭᠤᠯᠤᠯᠲᠠ ᠶᠢ | ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ | ᠪᠠᠲᠤᠯᠠᠬᠤ ᠬᠡᠷᠡᠭᠲᠡᠢ᠃ ᠪᠠᠶᠢᠯᠳᠤᠨ ᠲᠡᠮᠡᠴᠡᠬᠦ ᠪᠠᠷ ᠪᠡᠯᠡᠳᠬᠡᠬᠦ ᠡᠭᠦᠷᠭᠡ ᠪᠠᠨ ᠡᠷᠡᠰ ᠭᠤᠶᠢᠪᠢᠰᠢ ᠦᠭᠡᠢ | ᠭᠦᠢᠴᠡᠳᠬᠡᠵᠦ᠂ ᠲᠠᠶᠢᠨ ᠬᠢᠵᠦ ᠳᠡᠶᠢᠯᠬᠦ᠂ ᠢᠯᠠᠭᠤᠭᠰᠠᠨ ᠲᠠᠶᠢᠨ ᠬᠢᠵᠦ ᠳᠡᠶᠢᠯᠬᠦ ᠶᠢ ᠪᠠᠲᠤᠯᠠᠬᠤ ᠬᠡᠷᠡᠭᠲᠡᠢ᠃ | ᠳᠠᠶᠢᠴᠢᠯᠠᠯᠲᠠ ᠶᠢᠨ ᠪᠡᠯᠡᠳᠬᠡᠯ ᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠠᠭᠤᠰᠤᠯᠴᠠᠯ ᠴᠢᠩᠭ᠎ᠠ᠂ ᠲᠠᠯᠳᠠ | ᠬᠦᠴᠦᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠪᠦᠯᠬᠦᠮᠳᠡᠯ ᠢ | ᠪᠠᠬᠢᠵᠢᠭᠦᠯᠵᠦ᠂ ᠴᠡᠷᠢᠭ ᠠᠩᠭᠢ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠮᠠᠨ ᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠢᠨᠠᠷ | ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠪᠠᠶᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠪᠥᠬᠦ | ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠡᠢ | ᠃ | | | | | | |