ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ ᠪᠦᠷᠢᠯᠳᠦᠭᠦᠨ 30 ᠬᠥᠮᠥᠨ᠂ ᠬᠤᠷᠠᠯ ᠳᠤ ᠪᠣᠳᠠᠲᠠᠢ ᠣᠷᠣᠯᠴᠠᠭᠰᠠᠨ ᠨᠢ 27 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃     ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠪᠣᠯᠣᠳ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂ ᠡᠷᠳᠡᠨᠢᠰᠦ᠋ᠷᠦᠭ᠂ ᠯᠦ ᠵᠧᠨ ᠰᠢᠨ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠢ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ᠂  ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠹᠧᠢ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠣᠣ ᠴᠦᠨ ᠭᠤᠸᠠᠩ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠬᠤᠷᠠᠯᠳᠤᠬᠤ ᠴᠠᠭ᠂ ᠰᠠᠨᠠᠭᠤᠯᠭ᠎ᠠ ᠶᠢᠨ ᠵᠥᠪᠯᠡᠬᠦ ᠵᠦᠢᠯ ᠵᠢᠴᠢ ᠪᠤᠰᠤᠳ ᠵᠦᠢᠯᠡᠰ ᠢ ᠰᠤᠳᠤᠯᠤᠨ  ᠳᠣᠭᠲᠠᠭᠠᠵᠣ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠥᠯ︶ ᠪᠠ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠪᠢᠯᠧᠲ ᠥᠭᠴᠦ ᠪᠠᠲᠤᠯᠠᠬᠤ ᠠᠷᠭ᠎ᠠ ︵ᠲᠥᠰᠥᠯ︶ ᠶᠢ ᠳᠣᠷᠠᠳᠴᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ   2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠠᠩᠬ᠎ᠠ ᠬᠢᠨᠠᠨ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ  ᠶᠢ ᠰᠣᠨᠣᠰᠴᠤ ᠠᠩᠬ᠎ᠠ ᠬᠢᠨᠠᠪᠠ︔     ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号