ᠰᠢ ᠶᠢᠨ ᠫᠢᠩ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2025/1/17
    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠵᠠᠬᠢᠳᠠᠯ ᠢᠯᠡᠭᠡᠵᠦ᠂ ᠪᠦᠭᠦ ᠤᠯᠤᠰ ᠤᠨ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠳᠤ ᠮᠡᠨᠳᠦᠴᠢᠯᠡᠯ ᠳᠡᠪᠰᠢᠭᠦᠯᠦᠭᠰᠡᠨ ᠪᠥᠭᠡᠳ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠢ ᠰᠠᠶᠢᠲᠤᠷ ᠬᠢᠬᠦ ᠳᠤ ᠬᠦᠰᠡᠯ ᠳᠤᠷᠠᠳᠤᠭᠰᠠᠨ ᠪᠠᠶᠢᠨ᠎ᠠ᠃      ᠰᠢ ᠶᠢᠨ ᠫᠢᠩ ᠵᠠᠬᠢᠳᠠᠯ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠶᠡᠭᠡ ᠬᠡᠮᠵᠢᠶᠡᠨ ᠤ ᠠᠵᠢᠯ ᠬᠢᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠬᠠᠤᠯᠢ ᠶᠢᠨ ᠤᠬᠠᠭᠠᠨ ᠤ ᠰᠤᠳᠤᠯᠭᠠᠨ ᠢ ᠬᠥᠭᠵᠢᠭᠦᠯᠬᠦ᠂ ᠬᠠᠤᠯᠢ ᠪᠠᠷ ᠵᠠᠰᠠᠬᠤ ᠦᠢᠯᠡᠳᠦᠯᠭᠡ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠤᠯᠢ ᠶᠢᠨ ᠤᠬᠠᠭᠠᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠬᠠᠤᠯᠢ ᠪᠠᠷ ᠵᠠᠰᠠᠬᠤ ᠢᠲᠡᠭᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠬᠠᠤᠯᠢ ᠶᠢᠨ ᠤᠬᠠᠭᠠᠨ ᠤ ᠨᠡᠶᠢᠭᠡᠮᠯᠢᠭ ᠲᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠠᠤᠯᠢ ᠶᠣᠰᠣᠭᠠᠷ ᠳᠦᠷᠢᠮ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠬᠦ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ 10 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠵᠦ᠂ ᠬᠤᠷᠠᠯ ᠳᠡᠭᠡᠷ᠎ᠡ ᠰᠢ ᠶᠢᠨ ᠫᠢᠩ ᠤᠨ ᠢᠯᠡᠭᠡᠭᠰᠡᠨ ᠵᠠᠬᠢᠳᠠᠯ ᠢ ᠤᠯᠠᠮᠵᠢᠯᠠᠨ ᠳᠠᠮᠵᠢᠭᠤᠯᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠧᠨ ᠸᠧᠨ ᠴᠢᠩ ᠡᠭᠢᠯᠡᠯᠲᠡ ᠶᠢᠨ ᠶᠣᠰᠣᠯᠠᠯ ᠳᠡᠭᠡᠷ᠎ᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ᠃ ᠲᠡᠷᠡ᠂ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠭᠠᠳᠬᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠤᠷᠤᠭᠰᠢᠯᠠᠨ ᠳᠠᠪᠰᠢᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠷᠭᠡᠨ ᠣᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠬᠠᠤᠯᠢ ᠪᠠᠷ ᠵᠠᠰᠠᠬᠤ ᠢᠲᠡᠭᠡᠯ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠳᠤ ᠦᠢᠯᠡᠴᠢᠯᠡᠵᠦ᠂ ᠬᠠᠤᠯᠢ ᠶᠢᠨ ᠤᠬᠠᠭᠠᠨ ᠤ ᠰᠤᠳᠤᠯᠭᠠᠨ ᠢ ᠭᠦᠨᠵᠡᠭᠡᠶᠢᠷᠡᠭᠦᠯᠦᠨ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢᠨ ᠲᠣᠭᠤᠷᠢᠨ ᠳᠤ ᠯᠠᠪᠳᠠᠭᠤᠨ ᠪᠠᠲᠤᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠬᠦᠰᠡᠵᠦ ᠪᠠᠶᠢᠨ᠎ᠠ ᠭᠡᠪᠡ᠃      ᠸᠠᠩ ᠰᠢᠶᠣᠣ ᠬᠤᠩ᠂ ᠵᠠᠩ ᠴᠢᠩ ᠸᠧᠢ᠂ ᠵᠠᠩ ᠵᠢᠶᠦ᠋ᠨ᠂ ᠶᠢᠩ ᠶᠦᠩ᠂ ᠾᠧ ᠪᠦᠦ ᠰᠢᠶᠠᠩ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃      ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ ᠸᠠᠩ ᠴᠧᠨ ᠬᠤᠷᠠᠯ ᠢ ᠡᠷᠭᠢᠯᠡᠭᠰᠡᠨ ᠪᠥᠭᠡᠳ ᠨᠠᠢᠮᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠪᠡ᠃      ᠬᠤᠷᠠᠯ ᠠᠴᠠ ᠪᠦᠭᠦ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠭᠡᠰᠢᠭᠦᠨ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠭᠦ ᠲᠥᠯᠥᠭᠡᠯᠡᠭᠴᠢ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号