︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ
ᠨᠡᠶᠢᠲᠡᠯᠡᠭᠰᠡᠨ ᠴᠠᠭ᠄
2025/1/17
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ   1 ᠰᠠᠷ᠎ᠠ ᠶᠢᠨ 16 ᠤ ᠡᠳᠦᠷ ᠬᠡᠪᠯᠡᠭᠳᠡᠬᠦ 2 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ︾ ᠢ ᠨᠡᠶᠢᠲᠡᠯᠡᠪᠡ᠃      ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠭᠰᠡᠨ ᠨᠢ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠠᠵᠢᠯ ᠴᠢᠬᠤᠯᠠ ᠶᠡᠭᠡ ᠦᠢᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠣᠯᠪᠠ᠂ ᠡᠨᠡ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ ᠬᠠᠮᠤᠭ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ︽ᠬᠤᠶᠠᠷ ᠶᠡᠭᠡ ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠵᠠᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠮᠥᠨ᠃ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠬᠤᠪᠢᠰᠤᠩᠭᠤᠢ ᠨᠢᠭᠡᠳᠦᠯᠲᠡᠢ᠂ ᠭᠠᠭᠴᠠ ᠬᠦ ᠲᠥᠪ ᠶᠣᠰᠣ ᠶᠢ ᠪᠠᠷᠢᠮᠲᠠᠯᠠᠪᠠᠯ ᠰᠠᠶ᠋ᠢ ᠰᠢᠨ᠎ᠡ ᠶᠢ ᠡᠭᠦᠳᠬᠦ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠂ ᠭᠠᠭᠴᠠ ᠬᠦ ᠦᠷᠭᠦᠯᠵᠢᠯᠡᠨ ᠰᠢᠨ᠎ᠡ ᠶᠢ ᠡᠭᠦᠳᠪᠡᠯ ᠰᠠᠶ᠋ᠢ ᠲᠥᠪ ᠶᠣᠰᠣ ᠶᠢ ᠨᠡᠩ ᠰᠠᠶᠢᠲᠤᠷ ᠪᠠᠷᠢᠮᠲᠠᠯᠠᠵᠤ ᠴᠢᠳᠠᠨ᠎ᠠ᠃ ᠮᠠᠨ ᠤ ᠬᠢᠵᠦ ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠨ᠎ᠠ᠂ ᠡᠳᠡᠭᠡᠷ ᠪᠣᠯ ᠴᠥᠮ ᠦᠨᠳᠦᠰᠦᠨ ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠵᠦ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠤ ᠴᠤ ᠤᠬᠳᠤ ᠭᠤᠶᠢᠪᠢᠯᠵᠠᠭᠤᠯᠵᠤ ᠪᠤᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠠᠷᠢᠮᠲᠠᠯᠠᠵᠤ᠂ ᠢᠮᠠᠭᠲᠠ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠥᠭᠡᠷᠡᠴᠢᠯᠡᠬᠦ ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠪᠠ ᠣᠮᠤᠭ ᠵᠣᠷᠢᠭ ᠢᠶᠠᠷ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ ᠰᠠᠭᠠᠳ ᠲᠦᠭᠵᠢᠷᠡᠯ ᠢ ᠡᠷᠡᠰ ᠠᠷᠢᠯᠭᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ ᠲᠤᠶᠢᠯ ᠤᠨ ᠪᠠᠶᠠᠯᠢᠭ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠴᠦ ᠵᠠᠶᠢᠯᠠᠰᠢ ᠦᠭᠡᠢ ᠪᠦᠭᠦ ᠲᠠᠯ᠎ᠠ ᠶᠢᠨ ᠶᠤᠮ᠃      ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠪᠣᠯ ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠴᠢᠬᠤᠯᠠᠲᠠᠢ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠭᠢᠮᠯᠡᠭᠦ ᠴᠢᠬᠤᠯᠠᠲᠠᠢ ᠶᠤᠮ᠃ ᠨᠢᠭᠡ ᠳᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠦᠢᠯᠡᠳᠦᠯ ᠤᠨ ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢᠨ ᠬᠤᠪᠢᠰᠤᠩᠭᠤᠢ ᠨᠢᠭᠡᠳᠦᠯ ᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠪᠣᠯ ᠬᠠᠭᠤᠴᠢᠨ ᠢ ᠡᠪᠳᠡᠵᠦ ᠰᠢᠨ᠎ᠡ ᠶᠢ ᠪᠠᠶᠢᠭᠤᠯᠬᠤ ᠶᠠᠪᠤᠴᠠ ᠮᠥᠨ᠂ ᠬᠠᠭᠤᠴᠢᠨ ᠢ ᠡᠪᠳᠡᠬᠦ ᠪᠣᠯ ᠠᠷᠭ᠎ᠠ ᠪᠠᠷᠢᠯ ᠮᠥᠨ᠂ ᠰᠢᠨ᠎ᠡ ᠶᠢ ᠪᠠᠶᠢᠭᠤᠯᠬᠤ ᠪᠣᠯ ᠵᠣᠷᠢᠯᠭ᠎ᠠ ᠮᠥᠨ᠃ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠵᠤ ᠲᠠᠷᠠᠭ᠎ᠠ ᠨᠢ ᠬᠠᠭᠤᠴᠢᠨ ᠢ ᠡᠪᠳᠡᠬᠦ ᠶᠢ ᠨᠡᠩ ᠲᠤᠪᠤᠶᠢᠯᠭᠠᠵᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢ ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠪᠠ ᠨᠡᠭᠡᠭᠡᠯᠲᠡ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠵᠢᠷᠤᠵᠤ ᠲᠥᠯᠥᠪᠯᠡᠬᠦ ᠳᠡᠭᠡᠨ ᠡᠷᠬᠡᠪᠰᠢ ᠪᠤᠰᠤᠳᠴᠢ ᠵᠢᠮ᠎ᠡ ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢᠭᠡᠳᠦᠨ ᠤᠶᠠᠯᠳᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠲᠣᠭᠲᠠᠭᠠᠬᠤ ᠶᠢ ᠴᠢᠬᠤᠯᠠᠴᠢᠯᠠᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠵᠡᠷᠭᠡ ᠦᠵᠡᠭᠳᠡᠯ ᠢ ᠰᠡᠷᠭᠡᠶᠢᠯᠡᠨ ᠬᠤᠷᠢᠭᠯᠠᠵᠤ᠂ ︽ᠶᠠᠮᠠᠷ ᠴᠤ ᠦᠷ᠎ᠡ ᠪᠦᠲᠦᠮᠵᠢ ᠦᠭᠡᠢ ᠳᠠᠭᠢᠨ ᠳᠠᠪᠲᠠᠨ ᠬᠢᠬᠦ︾ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠬᠦᠴᠢᠷ ᠢ ᠲᠤᠭᠤᠯᠤᠨ ᠪᠡᠷᠬᠡ ᠶᠢ ᠳᠠᠪᠠᠭᠤ᠂ ᠬᠦᠴᠢᠷ ᠢ ᠰᠥᠷᠦᠨ ᠤᠷᠤᠭᠰᠢᠯᠠᠬᠤ ᠤᠯᠤᠰ ᠲᠦᠷᠦ ᠶᠢᠨ ᠰᠥᠰᠥ ᠵᠣᠷᠢᠭ ᠢᠶᠠᠷ᠂ ᠵᠥᠷᠢᠴᠡᠯ ᠪᠠ ᠠᠰᠠᠭᠤᠳᠠᠯ ᠳᠤ ᠰᠢᠭᠤᠳ ᠬᠠᠨᠳᠤᠵᠤ᠂ ᠠᠷᠬᠠᠭ ᠭᠡᠮ ᠢ ᠢᠳᠡᠪᠬᠢᠲᠡᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠵᠣᠷᠢᠭᠲᠠᠢ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠢᠳᠡᠪᠬᠢ ᠬᠦᠴᠦᠨ ᠵᠦᠢᠯ ᠪᠦᠭᠦᠨ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠪᠦᠭᠦᠳᠡ ᠬᠤᠷᠠᠯ ᠤᠨ ︽ᠲᠣᠭᠲᠠᠭᠠᠯ︾ ᠤᠨ ᠵᠣᠷᠢᠭ ᠰᠠᠨᠠᠭ᠎ᠠ ᠶᠢ ᠵᠥᠪ ᠣᠶᠢᠯᠠᠭᠠᠨ ᠲᠠᠶᠢᠯᠪᠤᠷᠢᠯᠠᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠵᠢᠱᠢᠯᠲᠡ ᠶᠢ ᠵᠦᠢ ᠵᠣᠬᠢᠰᠲᠠᠢ ᠬᠥᠲᠥᠯᠥᠨ ᠵᠢᠯᠤᠭᠤᠳᠴᠤ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠥᠭᠡᠷᠡᠴᠢᠯᠡᠯᠲᠡ ᠶᠢᠨ ᠳᠤᠮᠳᠠᠬᠢ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠪᠠ ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠶᠠᠪᠤᠳᠠᠯ ᠳᠤ ᠵᠥᠪ ᠢᠶᠠᠷ ᠬᠠᠨᠳᠤᠬᠤ ᠬᠡᠷᠡᠭᠲᠡᠢ︔ ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠ ᠠᠷᠠᠳ ᠣᠯᠠᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠲᠡᠢ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠶᠠᠷᠢᠶ᠎ᠠ ᠬᠡᠯᠡᠯᠴᠡᠭᠡᠨ ᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号