︽ᠪᠠᠷᠠᠭᠤᠨ ᠦᠵᠦᠮᠦᠴᠢᠨ ᠢᠶᠠᠨ ᠬᠠᠶᠢᠷᠠᠯᠠᠵᠦ᠂ ᠤᠷᠤᠨ ᠨᠤᠳᠤᠭ ᠲᠠᠭᠠᠨ ᠬᠤᠪᠢ ᠨᠠᠮᠠᠷᠢ ᠦᠵᠡᠬᠦᠯᠤᠶ᠎ᠠ ︾ 2024 ᠣᠨ ᠤ ᠲᠡᠷᠢᠭᠦᠨ ᠤ ᠬᠥᠮᠥᠰ ᠤᠨ ᠠᠵᠢᠯᠯᠠᠭ᠎ᠠ ᠶᠢ ᠨᠠᠶᠢᠳᠠᠯᠠᠬᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/1/2
  12 ᠰᠠᠷ᠎ᠠ ᠶᠢᠨ 31 ᠤ ᠡᠳᠦᠷ᠂ ︽ᠪᠠᠷᠠᠭᠤᠨ ᠦᠵᠦᠮᠦᠴᠢᠨ ᠢᠶᠠᠨ ᠬᠠᠶᠢᠷᠠᠯᠠᠵᠦ᠂ ᠤᠷᠤᠨ ᠨᠤᠳᠤᠭ ᠲᠠᠭᠠᠨ ᠬᠤᠪᠢ ᠨᠠᠮᠠᠷᠢ ᠦᠵᠡᠬᠦᠯᠤᠶ᠎ᠠ︾  2024 ᠣᠨ ᠤ ᠲᠡᠷᠢᠭᠦᠨ ᠤ ᠬᠥᠮᠥᠰ   ᠤᠨ ᠠᠵᠢᠯᠯᠠᠭ᠎ᠠ ᠶᠢ ᠨᠠᠶᠢᠳᠠᠯᠠᠬᠦ ᠬᠤᠷᠠᠯ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠲᠢᠩᠬᠢᠮ ᠳᠤ ᠶᠠᠪᠤᠭᠳᠠᠪᠠ᠃
   ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠨᠡᠶᠢᠭᠡᠮ ᠤᠨ ᠪᠦᠯᠬᠦᠮ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠥᠩᠭᠡᠷᠡᠭᠰᠡᠨ ᠬᠤᠭᠤᠴᠠᠭᠠᠨ ᠤ ︽ᠪᠠᠷᠠᠭᠤᠨ ᠦᠵᠦᠮᠦᠴᠢᠨ ᠢᠶᠠᠨ ᠬᠠᠶᠢᠷᠠᠯᠠᠵᠦ᠂ ᠤᠷᠤᠨ ᠨᠤᠳᠤᠭ ᠲᠠᠭᠠᠨ ᠬᠤᠪᠢ ᠨᠠᠮᠠᠷᠢ ᠦᠵᠡᠬᠦᠯᠤᠶ᠎ᠠ︾ ᠲᠡᠷᠢᠭᠦᠨ ᠤ ᠬᠦᠮᠦᠰ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ  ᠰᠢᠤᠸᠠᠢ ᠶᠢᠩ ᠪᠠᠶᠠᠷ ᠤᠨ ᠦᠭᠡ  ᠬᠡᠯᠡᠵᠡᠢ᠃    ᠰᠣᠨᠢᠨ ᠮᠡᠳᠡᠭᠡ ᠨᠡᠶᠢᠲᠡᠯᠡᠬᠦ ᠬᠤᠷᠠᠯ ᠨᠢ 15 ᠠᠵᠢᠯ ᠦᠢᠯᠠᠰ ᠤᠨ ᠭᠦᠷᠢᠶ᠎ᠠ ᠴᠠᠷ᠎ᠠ ᠶᠢᠨ ᠲᠡᠷᠢᠭᠦᠨ ᠤ ᠬᠥᠮᠥᠰ ᠤᠨ ᠦᠶᠯᠡ ᠠᠵᠢᠯᠯᠠᠭ᠎ᠠ ᠶᠢ ᠨᠡᠶᠢᠲᠡᠯᠡᠪᠡ᠃    
   ᠣᠶᠢᠷ᠎ᠠ ᠶᠢᠨ ᠵᠢᠯ  ᠂ ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ  ᠤᠨ ᠭᠤᠣᠯᠯᠠᠭᠴᠢ ᠦᠷᠳᠡᠭ  ᠤᠨ ᠦᠵᠡᠯᠲᠡ ᠶᠢ ᠢᠳᠡᠪᠬᠢᠲᠡᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠪᠦᠭᠦ ᠬᠤᠰᠢᠭᠤᠨ ᠳᠤ ᠶᠣᠰᠣ ᠰᠤᠷᠲᠠᠬᠤᠨ ᠢ ᠡᠷᠬᠢᠮᠯᠡᠨ ᠰᠠᠶᠢᠨ ᠢ ᠬᠥᠭᠡᠭᠡᠴᠡᠯᠳᠦᠬᠦ᠂  ᠲᠠᠷᠢᠬᠦᠨ ᠤ   ᠠᠴᠠ ᠰᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ 2022 ᠣᠨ ᠳᠤ ︽ᠪᠠᠷᠠᠭᠤᠨ ᠦᠵᠦᠮᠦᠴᠢᠨ ᠢᠶᠠᠨ ᠬᠠᠶᠢᠷᠠᠯᠠᠵᠦ᠂ ᠤᠷᠤᠨ ᠨᠤᠳᠤᠭ ᠲᠠᠭᠠᠨ ᠬᠤᠪᠢ ᠨᠠᠮᠠᠷᠢ ᠦᠵᠡᠬᠦᠯᠤᠶ᠎ᠠ︾ ᠭᠡᠬᠦ ᠣᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠳᠤ ᠨᠢᠭᠡ ᠪᠦᠯᠦᠭ ᠲᠣᠪᠣᠶᠢᠮ᠎ᠠ ᠦᠶᠯᠡ ᠠᠵᠢᠯᠯᠠᠭ᠎ᠠ ᠲᠠᠢ᠂ ᠡᠷᠬᠢᠮ ᠳᠡᠭᠡᠳᠦ ᠵᠠᠩ ᠮᠣᠷᠠᠯ ᠲᠠᠢ᠂ ᠣᠯᠠᠨ ᠲᠦᠮᠡᠨ ᠤ ᠮᠡᠳᠡᠷᠡᠮᠵᠢ ᠪᠠᠷ ᠥᠨᠳᠥᠷ᠂ ᠨᠡᠶᠢᠲᠡᠯᠢᠭ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠲᠡᠷᠢᠭᠦᠨ ᠤ  ᠬᠦᠮᠦᠰ ᠴᠣᠯᠭᠤᠷᠠᠨ ᠭᠠᠷᠴᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠨᠡᠶᠢᠭᠡᠮ ᠤᠨ ᠬᠡᠪ ᠰᠤᠷᠲᠠᠯ ᠢ ᠬᠥᠲᠥᠯᠥᠨ  ᠲᠠᠭᠠᠭᠤᠯᠤᠭᠰᠠᠨ ᠪᠠᠶᠢᠨ᠎ᠠ᠃    ᠬᠤᠷᠠᠯ ᠳᠡᠭᠡᠷ᠎ᠡ᠂ ᠭᠤᠶᠢᠳᠠ ᠰᠠᠶᠢᠬᠠᠨ ᠣᠬᠤᠷ ᠸᠢᠳᠢᠤ᠋᠂ ᠲᠡᠷᠢᠭᠦᠨ ᠤ ᠬᠥᠮᠥᠰ ᠤᠨ ᠦᠨᠡᠨ ᠰᠡᠳᠬᠢᠯ ᠤᠨ ᠲᠣᠭᠠᠴᠢᠯᠲᠠ ᠵᠢᠴᠢ ᠬᠦᠨᠳᠦᠳᠬᠡᠯ ᠤᠨ ᠦᠭᠡ ᠵᠡᠷᠭᠡ  ᠬᠡᠯᠪᠡᠷᠢ ᠪᠠᠷ ᠪᠦᠭᠦ ᠬᠤᠰᠢᠭᠤᠨ ᠤ ᠡᠯ᠎ᠡ ᠠᠵᠢᠯ ᠲᠦᠷᠦᠯ ᠤᠨ ᠲᠡᠷᠢᠭᠦᠨ ᠤ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠠ ᠭᠠᠷᠮᠠᠭᠠᠢ ᠠᠮᠵᠢᠯᠲᠠ ᠶᠢ ᠠᠮᠢᠳᠤᠯᠢᠭ ᠢᠶᠠᠷ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠭᠦᠨ ᠳᠣᠭᠳᠣᠯᠤᠭᠤᠯᠵᠤ ᠵᠣᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号