ᠠᠳᠣᠭᠤᠨ ᠤ ᠠᠵᠤ ᠦᠢᠯᠡᠰ ᠤᠨ ᠡᠷᠡᠭᠦᠯ ᠬᠦᠭᠵᠢᠯᠲᠡ ᠪᠠᠷ ᠮᠠᠯᠴᠢᠳ ᠤᠨ  ᠢᠳᠡᠪᠬᠢᠵᠢᠯ ᠢ ᠲᠠᠶᠢᠴᠢᠯᠠᠨ᠎ᠠ
ᠨᠡᠶᠢᠲᠡᠯᠡᠭᠰᠡᠨ ᠴᠠᠭ᠄
2025/1/2
     ᠥᠪᠥᠷ ᠮᠣᠩᠭᠤᠯ ᠤᠨ ᠮᠧᠩ ᠵᠢᠶᠠᠨ ᠠᠳᠤᠭᠤᠨ ᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠡᠨᠡ ᠵᠢᠯ ᠪᠠᠷᠠᠭᠤᠨ ᠦᠵᠦᠮᠦᠴᠢᠨ ᠬᠤᠰᠢᠭᠤᠨ ᠳᠤ ᠮᠠᠯᠴᠢᠨ ᠡᠷᠦᠭᠡ ᠤᠳ ᠲᠠᠢ ᠬᠠᠮᠳᠣᠷᠠᠨ ᠬᠡᠷ᠎ᠡ ᠪᠠᠶᠢᠭᠤᠯᠵᠣ ᠂ 7 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 5 ᠤ ᠡᠳᠦᠷ ᠪᠣᠯᠲᠠᠯ᠎ᠠ᠂  ᠭᠡᠷ᠎ᠡ ᠶᠢᠨ ᠬᠤᠭᠤᠴᠠᠭᠠᠨ ᠳᠤ 102  ᠲᠣᠨ ᠰᠢᠨ᠎ᠡ ᠰᠣᠷᠭᠤᠭ ᠴᠡᠭᠡ ᠬᠤᠳᠠᠯᠳᠤᠨ ᠠᠪᠴᠤ᠂ ᠨᠡᠶᠢᠲᠡ 225 ᠲᠦᠮᠡᠨ ᠲᠥᠭᠦᠷᠢᠭ ᠢ ᠮᠠᠯᠴᠢᠳ ᠤᠨ ᠭᠠᠷ ᠲᠤ ᠬᠦᠷᠭᠡᠭᠰᠡᠨ ᠪᠠᠶᠢᠨ᠎ᠠ᠃         ᠥᠪᠡᠷᠲᠡᠭᠡᠨ ᠵᠠᠰᠠᠬᠤ ᠣᠷᠣᠨ ᠤ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠲᠥᠷᠥ ᠶᠢᠨ ᠪᠣᠳᠣᠯᠭ᠎ᠠ ᠶᠢᠨ ᠴᠢᠭᠯᠡᠯᠲᠡ ᠶᠢ ᠭᠦᠨᠵᠡᠭᠡᠢ  ᠦᠢᠯᠡᠳᠦᠯᠭᠡᠵᠢᠬᠦᠯᠵᠦ᠂ ᠪᠥᠬᠦ ᠬᠤᠰᠢᠭᠤᠨ ᠤ ᠬᠡᠭᠦᠨ ᠤ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠳᠣᠯᠠᠬᠤ ᠶᠢᠨ ᠲᠣᠰᠠᠳᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠣᠯᠭᠠᠵᠣ᠂ ᠵᠠᠰᠠᠭ ᠤᠨ ᠣᠷᠳᠣᠨ ᠠᠴᠠ ᠠᠵᠣ ᠠᠬᠤᠶᠢᠯᠠᠯ ᠲᠠᠢ ᠢᠳᠡᠪᠬᠢᠳᠡᠢ ᠬᠠᠷᠢᠯᠴᠠᠨ᠂ ᠵᠠᠰᠠᠭ ᠤᠨ ᠣᠷᠳᠣᠨ ᠲᠡᠳᠬᠦᠬᠦ᠂ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ᠂ ᠮᠠᠯᠴᠢᠳ ᠡᠵᠡᠩᠨᠡᠬᠦ ᠵᠡᠷᠭᠡ ᠣᠯᠠᠨ ᠡᠰᠢᠲᠦ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠮᠠᠶ᠋ᠢᠭ ᠢ ᠡᠬᠢᠯᠡᠬᠦᠯᠵᠦ ᠬᠢᠭᠰᠡᠨ ᠪᠠᠶᠢᠨ᠎ᠠ᠃    ᠬᠡᠬᠦᠦ ᠰᠠᠭᠠᠬᠤ ᠡᠷᠦᠬᠡ ᠶᠢᠨ ᠰᠠᠭᠠᠯᠢ ᠶᠢᠨ ᠠᠵᠤ ᠦᠢᠯᠡᠰ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ︽ᠮᠠᠯᠴᠢᠨ ᠡᠷᠦᠬᠡ ᠰᠠᠶᠢᠨ ᠳᠤᠷ᠎ᠠ ᠠᠴᠠ ᠪᠠᠨ ᠭᠤᠶᠤᠴᠢᠯᠠᠬᠤ + ᠰᠤᠮᠤ  ᠪᠠᠯᠭᠠᠰᠣᠨ ᠠᠴᠠ ᠲᠠᠨᠢᠯᠴᠠᠭᠤᠯᠬᠤ︾ ᠵᠠᠭᠪᠤᠷ ᠢ ᠠᠪᠴᠤ᠂ ᠴᠡᠭᠡ ᠰᠠᠭᠠᠬᠤ ᠡᠷᠦᠬᠡ ᠶᠢᠨ ᠰᠦ ᠬᠦᠷᠦᠭᠡᠭᠴᠢ ᠬᠤᠳᠠᠯᠳᠤᠨ ᠠᠪᠬᠤ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠪᠠᠷ ᠳᠠᠮᠵᠢᠭᠤᠯᠤᠨ᠂ ᠮᠠᠯᠴᠢᠳ ᠤᠨ ᠰᠢᠨ᠎ᠡ ᠰᠣᠷᠭᠤᠭ ᠴᠡᠭᠡ ᠬᠠᠳᠠᠭᠠᠯᠠᠬᠤ ᠪᠠ ᠲᠡᠭᠡᠭᠡᠪᠦᠷᠢᠯᠡᠬᠦ ᠳᠤ ᠬᠦᠴᠢᠷᠳᠠᠯ ᠲᠣᠯᠭᠠᠷᠠᠵᠣ ᠪᠠᠶᠢᠭᠰᠠᠨ ᠠᠰᠠᠭᠤᠳᠠᠯ ᠢ  ᠰᠢᠢᠳᠪᠦᠷᠢᠯᠡᠵᠦ ᠦᠭᠴᠡᠢ᠃ ᠡᠨᠡᠬᠦ  ︽ ᠰᠦᠨ ᠤ ᠠᠵᠤ ᠠᠬᠤᠶᠢᠯᠠᠯ ᠤᠨ ᠬᠤᠳᠠᠯᠳᠤᠨ ᠠᠪᠬᠤ ᠦᠨ᠎ᠡ ᠬᠠᠩᠰᠢ + ᠨᠥᠬᠦᠪᠦᠷᠢ ᠥᠭᠬᠦ ᠬᠡᠯᠪᠡᠷᠢ︾   ᠶᠢᠨ  ᠬᠠᠷᠠᠭᠠᠯᠵᠠᠯ ᠨᠢ ᠮᠠᠯᠴᠢᠳ ᠵᠠᠬ᠎ᠠ ᠲᠡᠯᠭᠡᠬᠦᠷ ᠤᠨ ᠦᠨ᠎ᠡ ᠠᠴᠠ ᠬᠤᠶᠠᠷ ᠲᠦᠭᠦᠷᠢᠭ ᠢᠯᠡᠬᠦᠦ ᠦᠨᠡᠳᠠᠢ ᠪᠣᠷᠣᠯᠠᠭᠤᠯᠵᠣ᠂ ᠰᠠᠭᠠᠯᠢ ᠶᠢᠨ ᠡᠷᠦᠬᠡ ᠶᠢᠨ ᠮᠠᠯ ᠤᠨ ᠠᠰᠢᠭ ᠰᠢᠮ᠎ᠡ ᠪᠠᠨ ᠬᠦᠴᠡᠳ ᠠᠰᠢᠭᠯᠠᠨ ᠣᠷᠣᠯᠭ᠎ᠠ ᠪᠠᠨ ᠨᠡᠮᠡᠭᠳᠡᠬᠦᠯᠬᠦ ᠶᠢ ᠤᠷᠮᠠᠰᠢᠭᠤᠯᠤᠨ ᠵᠣᠷᠢᠭᠵᠢᠭᠤᠯᠵᠤ᠂ ᠬᠡᠷ᠎ᠡ ᠶᠢᠨ ᠬᠤᠭᠤᠴᠠᠭᠠᠨ ᠤ ᠰᠢᠨ᠎ᠡ ᠰᠠᠭᠠᠮ᠎ᠠ ᠬᠤᠷᠢᠶᠠᠭᠰᠠᠨ ᠨᠦᠬᠦᠪᠦᠷᠢ ᠨᠡᠶᠢᠲᠡ 40.9 ᠲᠦᠮᠡᠨ ᠲᠥᠭᠦᠷᠢᠭ ᠢ ᠮᠠᠯᠴᠢᠳ ᠤᠨ ᠭᠠᠷ  ᠲᠤ ᠬᠦᠷᠭᠡᠵᠦ᠂ ᠴᠡᠭᠡ ᠪᠣᠷᠣᠯᠠᠭᠤᠯᠬᠤ ᠡᠴᠦᠰ ᠤᠨ ᠨᠢᠭᠡ ᠺᠢᠯᠣᠮᠧᠲᠷ ᠢ ᠦᠨᠡᠨ ᠬᠦ ᠨᠡᠪᠲᠡᠷᠡᠭᠦᠯᠪᠡ᠃     ᠮᠥᠨ ᠴᠣ᠋ ᠮᠠᠯᠴᠢᠨ ᠡᠷᠦᠭᠡ ᠶᠢᠨ ᠮᠠᠯ ᠠᠵᠣ ᠠᠬᠤᠢ ᠶᠢᠨ ᠠᠰᠢᠭ ᠣᠷᠣᠯᠭ᠎ᠠ ᠪᠠᠨ ᠨᠡᠮᠡᠭᠳᠡᠬᠦᠯᠬᠦ ᠳᠤ ᠦᠨᠳᠦᠰᠦᠨ ᠨᠦᠬᠦᠴᠡᠯ ᠢ ᠪᠦᠷᠢᠨᠰᠢᠬᠦᠯᠵᠦ᠂ ᠣᠷᠳᠣ ᠬᠤᠭᠤᠴᠠᠭᠠᠨ ᠤ ᠬᠦᠭᠵᠢᠯᠲᠡ ᠶᠢ ᠪᠠᠳᠣᠯᠠᠬᠤ ᠶᠢᠨ ᠲᠣᠰᠠᠳᠠ 2024 ᠣᠨ ᠳᠤ ᠪᠠᠷᠠᠭᠤᠨ ᠦᠵᠦᠮᠦᠴᠢᠨ ᠬᠤᠰᠢᠭᠤ ᠨᠢ ᠭᠡᠭᠦᠦ ᠰᠠᠭᠠᠬᠤ ᠰᠠᠭᠤᠷᠢᠨ ᠢ 6 ᠶᠢ ᠰᠢᠨ᠎ᠡ ᠪᠠᠷ ᠪᠠᠶᠢᠭᠤᠯᠣᠭᠰᠠᠨ ᠪᠦᠭᠡᠳ᠂ ᠬᠡᠭᠦᠨ ᠰᠦᠨ ᠤ ᠠᠵᠤ ᠦᠢᠯᠡᠰ ᠤᠨ ᠬᠡᠪᠴᠢᠶᠡᠵᠢᠯ᠂ ᠪᠠᠷᠢᠮᠵᠢᠶᠠᠵᠢᠭᠰᠠᠨ ᠡᠵᠡᠩᠨᠡᠯᠲᠡ ᠶᠢ ᠴᠢᠩᠭᠠᠳᠬᠠᠬᠤ ᠶᠢᠨ ᠲᠤᠰᠠᠳᠠ᠂  ᠬᠤᠰᠢᠭᠤᠨ ᠲᠦᠪ ᠪᠠᠯᠭᠠᠷᠭᠤᠣᠯ ᠪᠠᠯᠠᠭᠠᠰᠣᠨ ᠳᠠᠬᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ ᠳᠤ 1500 ᠰᠠᠭᠤᠷᠢ ᠪᠠᠷᠢᠮᠵᠢᠶᠠᠵᠢᠭᠰᠠᠨ ᠬᠡᠭᠦᠨ ᠰᠦ ᠪᠣᠯᠪᠠᠰᠤᠷᠠᠭᠤᠯᠬᠤ ᠦᠢᠯᠡᠳᠪᠦᠷᠢ 1 ᠶᠢ ᠪᠠᠶᠢᠭᠤᠯᠵᠣ ᠡᠨᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠡᠳᠦᠷ ᠤᠨ ᠦᠢᠯᠡᠳᠪᠦᠷᠢᠯᠡᠯ ᠤᠨ ᠴᠢᠳᠠᠪᠤᠷᠢ ᠨᠢ 5 ᠲᠣᠨ ᠳᠤ ᠬᠦᠷᠴᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 1200 ᠲᠣᠨ ᠳᠤ ᠬᠦᠷᠴᠦ᠂ ᠬᠤᠯᠪᠤᠭᠠᠯᠠᠨ ᠳᠠᠶᠢᠴᠢᠯᠠᠬᠤ ᠲᠣᠭᠲᠠᠴᠠ ᠶᠢ ᠦᠷᠭᠦᠯᠵᠢᠯᠡᠨ ᠰᠠᠶᠢᠲᠤᠷ ᠬᠢᠵᠦ᠂ ᠨᠠᠩ ᠣᠯᠠᠨ ᠮᠠᠯᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠬᠦ ᠪᠣᠯᠣᠨ᠎ᠠ  ᠃     ᠪᠠᠷᠠᠭᠤᠨ ᠦᠵᠦᠮᠦᠴᠢᠨ ᠬᠤᠰᠢᠭᠤ ᠨᠢ ᠡᠳᠡᠭᠡᠷ ᠪᠣᠳᠠᠳᠣ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠪᠠᠷ ᠲᠠᠮᠵᠢᠨ᠂ ᠪᠥᠬᠦ ᠬᠤᠰᠢᠭᠤᠨ ᠤ  ᠠᠳᠣᠭᠤᠨ ᠤ ᠡᠬᠢ ᠪᠠᠶᠠᠯᠢᠭ ᠢ ᠭᠦᠢᠴᠡᠳ ᠠᠰᠢᠭᠯᠠᠨ᠂  ᠬᠡᠭᠦᠨ ᠤ ᠠᠵᠤ ᠦᠢᠯᠡᠰ ᠤᠨ ᠬᠡᠪᠴᠢᠶᠡᠵᠢᠭᠰᠡᠨ ᠡᠵᠡᠩᠨᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠭᠤᠯᠵᠤ᠂ ᠠᠳᠤᠭᠤᠨ ᠤ ᠠᠵᠤ ᠦᠢᠯᠡᠰ ᠤᠨ ᠬᠡᠯᠬᠢᠶ᠎ᠡ ᠳᠤ ᠨᠠᠩ ᠰᠠᠶᠢᠨ  ᠰᠢᠩᠭᠡᠭᠡᠵᠦ᠂ ᠲᠠᠷᠠᠭᠠᠴᠢ ᠶᠢᠨ ᠠᠯᠬᠤᠮ ᠳᠤ ᠦᠷᠬᠦᠯᠵᠢᠯᠡᠨ  ᠬᠤᠰᠢᠭᠤᠨ ᠤ ᠪᠠᠨ ᠠᠳᠣᠭᠤᠨ ᠤ ᠠᠵᠤ ᠦᠢᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠡᠭᠡᠨ ᠤ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠵᠤ᠂ ᠠᠳᠤᠭᠤ ᠮᠠᠯᠵᠢᠵᠣ ᠪᠠᠶᠢᠭ᠎ᠠ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ  ᠠᠬᠢᠭᠤᠯᠬᠤ ᠪᠠᠷ ᠴᠢᠷᠮᠠᠶᠢᠨ ᠠᠵᠢᠯᠯᠠᠵᠣ ᠪᠣᠢ᠃
 
ᠢᠷᠡᠯᠲᠡ᠄ ᠠᠵᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号