ᠴᠡᠩᠭᠡᠯᠳᠦ ᠪᠣᠯ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠯᠤᠨ᠎ᠠ᠃ ᠡᠳᠦᠭᠡ ᠪᠠᠶᠠᠨᠬᠤᠸᠠ ᠪᠠᠯᠭᠠᠰᠤᠨ ᠤ ᠪᠠᠶᠠᠠᠬᠤᠭᠤᠯᠠᠳᠤ | ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠤᠢ᠃ ᠠᠷᠠᠳ ᠤᠨ | ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠰᠢ᠂ ᠲᠡᠷᠡ ᠪᠠᠷ ᠦᠨᠳᠦᠰᠦᠨ ᠱᠠᠳᠤᠨ ᠤ ᠠᠵᠢᠯ ᠦᠢᠯᠡᠰ ᠲᠤ | ᠢᠳᠡᠪᠬᠢᠯᠡᠨ ᠤᠷᠤᠯᠴᠠᠵᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠭᠰᠡᠭᠡᠷ ᠢᠷᠡᠪᠡ᠃ | ᠪᠥᠬᠦ ᠬᠤᠰᠢᠭᠤᠨ ᠤ ᠬᠤᠶᠠᠷ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠡᠨᠡᠬᠦ ᠵᠠᠩᠭᠢᠯᠠᠭ᠎ᠠ ᠶᠢᠨ ᠦᠶ᠎ᠡ ᠳᠤ | ᠂ ᠴᠡᠩᠭᠡᠯᠳᠦ ᠮᠠᠯᠴᠢᠨ ᠲᠦᠮᠡᠨ ᠲᠠᠢ ᠰᠠᠨᠠᠯ ᠪᠤᠳᠤᠯ ᠢᠶᠠᠨ ᠰᠤᠯᠢᠯᠴᠠᠨ ᠳᠤᠷᠠᠳᠤᠭᠰᠠᠨ ᠠᠰᠠᠭᠤᠳᠠᠯ ᠪᠠ ᠬᠦᠰᠡᠯ | ᠱᠠᠭᠠᠷᠳᠠᠯᠭ᠎ᠠ ᠶᠢ ᠨᠢ ᠡᠮᠬᠢᠳᠬᠡᠨ ᠲᠢᠭᠯᠡᠵᠦ ᠶᠠᠭᠠᠷᠠᠨ᠎ᠠ᠃ ᠲᠡᠷᠡ ᠪᠠᠷ᠄ ︽ᠮᠠᠯᠴᠢᠳ ᠬᠠᠪᠤᠷ ᠤᠨ ᠬᠠᠰᠢᠶᠠᠯᠠᠭ᠎ᠠ᠂ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠨᠠᠶᠢᠳᠠᠨ ᠲᠡᠵᠢᠭᠡᠬᠦ ᠦᠢᠯᠡᠰ ᠤᠨ ᠲᠠᠯ᠎ᠠ ᠪᠠᠷ ᠮᠠᠰᠢ ᠶᠡᠭᠡ ᠠᠩᠬᠠᠷᠤᠯ ᠲᠠᠯᠪᠢᠵᠦ | ᠪᠠᠶᠢᠨ᠎ᠠ᠂ ᠡᠳᠡᠭᠡᠷ ᠢ ᠡᠮᠬᠢᠳᠬᠡᠨ ᠬᠤᠷᠢᠶᠠᠩᠭᠤᠶᠢᠯᠠᠵᠦ ᠶᠡᠭᠡ ᠬᠤᠷᠠᠯ ᠳᠤ ᠲᠡᠪᠰᠢᠬᠦᠯᠬᠦ ᠪᠤᠯᠤᠨ᠎ᠠ︾ ᠭᠡᠯᠡ᠃ | ᠨᠢᠭᠡᠨ ᠦᠨᠳᠦᠰᠦᠨ ᠱᠠᠳᠤᠨ ᠤ ᠲᠥᠯᠥᠭᠡᠯᠡᠭᠴᠢ ᠪᠤᠯᠤᠭᠰᠠᠨ ᠤ ᠬᠤᠪᠢ ᠳᠤ᠂ ᠴᠡᠩᠭᠡᠯᠳᠦ ᠨᠢᠭᠡ ᠲᠠᠯ᠎ᠠ ᠪᠠᠷ | ᠰᠤᠷᠤᠯᠴᠠᠯᠭ᠎ᠠ ᠪᠠᠨ ᠴᠢᠩᠭᠠᠳᠬᠠᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠬᠦ ᠶᠢᠨ ᠬᠠᠮᠲᠤ᠂ ᠦᠷᠭᠦᠯᠵᠢ ᠦᠨᠳᠦᠰᠦᠨ | ᠱᠠᠲᠤᠨ ᠳᠤ ᠭᠦᠨᠵᠡᠭᠡᠶᠢᠷᠡᠵᠦ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠰᠣᠩᠭᠤᠭᠤᠯᠢ ᠶᠢᠨ | ᠲᠣᠭᠤᠷᠢᠭ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠤᠳᠤ | ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠬᠠᠮᠲᠤ ᠶᠢᠨ ᠠᠵᠤ | ᠠᠬᠤᠢ ᠶᠢᠨ ᠬᠥᠭᠵᠢᠯᠲᠡ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠮᠠᠯᠵᠢᠬᠤ ᠤᠷᠤᠨ ᠤ ᠲᠤᠪᠤᠶᠢᠮ᠎ᠠ | ᠠᠰᠠᠭᠤᠳᠠᠯ ᠢ ᠠᠩᠬᠠᠷᠤᠨ ᠰᠤᠳᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠦᠨᠳᠦᠰᠦᠨ ᠱᠠᠲᠤᠨ ᠤ ᠲᠥᠯᠥᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠵᠤ ᠢᠷᠡᠭᠰᠡᠨ ᠪᠠᠶᠢᠨ᠎ᠠ᠃ | ᠴᠡᠩᠭᠡᠯᠲᠦ ᠠᠷᠠᠳ ᠤᠨ ᠠᠮᠢᠳᠤᠷᠠᠯ ᠪᠠ ᠮᠠᠯ ᠠᠵᠤ ᠠᠬᠤᠢ ᠶᠢᠨ ᠬᠥᠭᠵᠢᠯᠲᠡ ᠳᠤ ᠢᠮᠠᠭᠲᠠ ᠠᠩᠬᠠᠷᠤᠯ ᠢᠶᠠᠨ | ᠬᠠᠨᠳᠤᠭᠤᠯᠵᠤ᠂ 2020 ᠣᠨ ᠠᠴᠠ ᠡᠬᠢᠯᠡᠨ ᠬᠠᠮᠲᠤ ᠶᠢᠨ ᠠᠵᠤ ᠠᠬᠤᠢ ᠶᠢ ᠬᠡᠷᠬᠢᠨ ᠬᠥᠭᠵᠢᠭᠦᠯᠦᠨ ᠪᠤᠵᠠᠭᠠᠶᠢᠷᠠᠭᠤᠯᠬᠤ | ᠲᠠᠯ᠎ᠠ ᠪᠠᠷ ᠭᠠᠴᠠᠭᠠᠨ ᠤ ︽ᠬᠤᠶᠠᠷ ᠵᠥᠪᠯᠡᠯ︾ ᠢᠶᠠᠨ ᠳᠠᠭᠠᠭᠤᠯᠤᠨ ᠲᠦᠯᠦᠪᠵᠢᠭᠦᠯᠦᠨ ᠰᠦᠪᠡᠭᠴᠢᠯᠡᠵᠦ᠂ ᠭᠠᠴᠠᠭ᠎ᠠ ᠶᠢᠨ | ᠬᠤᠪᠢ ᠤᠷᠤᠭᠤᠯᠤᠭᠰᠠᠨ ᠠᠵᠤ ᠠᠬᠤᠢ ᠶᠢᠨ ᠬᠤᠪᠢᠴᠠᠭᠠᠳᠤ ᠬᠤᠷᠰᠢᠶᠠᠵᠢᠯ ᠢᠶᠠᠨ ᠪᠠᠶᠢᠭᠤᠯᠤᠨ ᠰᠠᠭᠤᠷᠢ ᠪᠦᠲᠦᠭᠡᠨ | ᠪᠠᠶᠢᠭᠤᠯᠤᠯᠲᠠ ᠪᠠᠨ ᠲᠡᠭᠦᠯᠳᠡᠷᠵᠢᠭᠦᠯᠵᠦ ᠬᠠᠮᠲᠤ ᠶᠢᠨ ᠠᠵᠤ ᠠᠬᠤᠢ ᠪᠠᠨ ᠬᠥᠭᠵᠢᠨ ᠪᠤᠵᠠᠭᠠᠶᠢᠷᠠᠭᠤᠯᠬᠤ ᠳᠤ ᠰᠠᠭᠤᠷᠢ | ᠲᠠᠯᠪᠢᠪᠠ᠃ ᠪᠠᠶᠠᠠᠬᠤᠭᠤᠯᠠᠳᠤ ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ 500 ᠮᠦ ᠥᠨᠳᠥᠷ ᠤᠨᠠᠯᠳᠠᠳᠤ ᠲᠡᠵᠢᠭᠡᠯ | ᠪᠣᠷᠳᠣᠭᠠᠨ ᠰᠠᠭᠤᠷᠢᠨ ᠭᠠᠵᠠᠷ ᠲᠠᠢ ᠪᠠᠶᠢᠵᠤ᠂ ᠤᠯᠤᠰ ᠤᠨ ᠲᠥᠷᠥᠯ ᠵᠦᠢᠯ ᠤᠨ ᠳᠡᠮᠵᠢᠯᠭᠡ ᠪᠠᠷ 2000 ᠲᠡᠭᠰᠢ | ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠫᠧᠩ ᠪᠠ 400 ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ | ᠲᠠᠰᠤᠭ ᠪᠠᠶᠢᠭᠤᠯᠵᠤ᠂ ᠪᠦᠷᠢᠨ ᠬᠤᠯᠢᠴᠠᠳᠤ ᠲᠡᠵᠢᠭᠡᠯ ᠪᠤᠷᠳᠤᠭ᠎ᠠ ᠡᠳ᠋ᠰᠢᠬᠦᠯᠦᠨ ᠬᠢᠬᠦ ᠮᠠᠰᠢᠨ᠂ ᠰᠦᠷᠴᠢᠨ ᠤᠰᠤᠯᠠᠬᠤ | ᠮᠠᠰᠢᠨ ᠵᠡᠷᠭᠡ ᠢᠵᠢ ᠪᠦᠷᠢᠨ ᠮᠠᠰᠢᠨ ᠲᠥᠬᠦᠭᠡᠷᠦᠮᠵᠢ ᠤᠷᠤᠭᠤᠯᠪᠠ᠃ 2024 ᠣᠨ ᠤ 9 ᠰᠠᠷ᠎ᠠ ᠳᠤ ᠲᠥᠪᠯᠡᠷᠡᠭᠦᠯᠦᠨ | ᠪᠣᠷᠳᠣᠬᠤ ᠰᠠᠭᠤᠷᠢᠨ ᠭᠠᠵᠠᠷ ᠢᠶᠠᠨ ᠡᠬᠢᠯᠡᠬᠦᠯᠵᠦ᠂ ᠤᠳᠤ ᠪᠤᠯᠳᠠᠯ᠎ᠠ 16 ᠮᠠᠯᠵᠢᠬᠤ ᠡᠷᠦᠬᠡ ᠶᠢᠨ 200 ᠭᠠᠷᠤᠢ ᠦᠬᠡᠷ ᠢ | ᠣᠬᠤᠷ ᠬᠤᠭᠤᠴᠠᠭ᠎ᠠ ᠪᠠᠷ ᠪᠤᠷᠳᠤᠨ ᠲᠡᠵᠢᠭᠡᠵᠦ ᠪᠤᠷᠤᠯᠠᠭᠤᠯᠤᠭᠠᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠪᠤᠳᠠᠳᠠᠢ ᠦᠷ᠎ᠡ ᠠᠰᠢᠭ ᠡᠭᠦᠳᠦᠭᠡᠳ ᠪᠠᠶᠢᠨ᠎ᠠ᠃ | | | | | | | | |