1 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤᠳᠠᠯ | ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠠᠷᠠᠳ ᠤᠨ ᠲᠥᠯᠥᠭᠡᠯᠡᠭᠴᠢᠳ ᠤᠨ ᠰᠠᠭᠤᠭ᠎ᠠ ᠭᠠᠵᠠᠷ ᠲᠤ ᠬᠦᠷᠴᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ | ᠪᠣᠯᠭᠤᠭᠠᠨ ᠲᠣᠬᠤᠨᠢᠭᠤᠯᠪᠠ᠃ | | ᠲᠥᠯᠥᠭᠡᠯᠡᠭᠴᠢᠳ ᠤᠨ ᠰᠠᠭᠤᠭ᠎ᠠ ᠭᠠᠵᠠᠷ ᠲᠤ᠂ ᠪᠦᠦ ᠯᠢᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠬᠦ ᠶᠢᠨ ᠬᠠᠮᠲᠤ ᠶᠠᠷᠢᠯᠴᠠᠵᠤ᠂ | ᠤᠯᠠᠨ ᠢᠶᠠᠷ ᠢᠶᠠᠨ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠳᠤ ᠰᠢᠷᠭᠠᠭᠤ ᠬᠥᠳᠡᠯᠮᠦᠷᠢ ᠪᠠ ᠴᠢᠷᠮᠠᠶᠢᠯᠭ᠎ᠠ | ᠭᠠᠷᠭᠠᠭᠰᠠᠨ ᠳᠤ ᠲᠠᠯᠠᠷᠬᠠᠭᠰᠠᠨ ᠢᠶᠠᠨ ᠢᠯᠡᠳᠬᠡᠵᠤ᠂ ᠪᠦᠦ ᠯᠢᠨ ᠵᠢᠭᠠᠵᠤ ᠭᠠᠷᠭᠠᠭᠰᠠᠨ ᠨᠢ᠂ ᠲᠥᠯᠥᠭᠡᠯᠡᠭᠴᠢᠳ ᠪᠦᠬᠦ | ᠬᠤᠰᠢᠭᠤᠨ ᠤ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠬᠦᠯᠢᠶᠡᠵᠦ᠂ ᠡᠭᠦᠷᠭᠡ ᠢᠷᠠᠭᠤ ᠠᠯᠳᠠᠷ ᠲᠠᠢ᠂ ᠬᠠᠷᠢᠭᠤᠴᠠᠯᠭ᠎ᠠ | ᠬᠦᠨᠳᠦ᠂ ᠲᠥᠯᠥᠭᠡᠯᠡᠭᠴᠢᠳ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠤᠷᠠᠯ ᠳᠤ ᠣᠷᠣᠯᠴᠠᠵᠤ᠂ ᠬᠤᠷᠠᠯ ᠤᠨ ᠡᠯ᠎ᠡ | ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠬᠤᠷᠠᠯ ᠤᠨ ᠡᠯ᠎ᠡ ᠵᠦᠢᠯ ᠤᠨ | ᠢᠯᠡᠳᠬᠡᠯ ᠢ ᠨᠠᠷᠢᠨ ᠬᠢᠨᠠᠮᠠᠭᠠᠢ ᠶᠠᠷᠢᠯᠴᠠᠬᠤ ᠪᠠ ᠬᠢᠨᠠᠨ ᠶᠠᠷᠢᠯᠴᠠᠵᠤ᠂ ᠮᠠᠨ ᠤ ᠬᠤᠰᠢᠭᠤᠨ ᠤ ᠢᠷᠡᠭᠡᠳᠦᠢ ᠶᠢᠨ | ᠬᠥᠭᠵᠢᠯᠲᠡ ᠶᠢᠨ ᠴᠢᠭᠯᠡᠯ ᠢ ᠣᠨᠣᠪᠴᠢᠲᠠᠶ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠠᠲᠤᠳᠬᠠᠨ᠂ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ | ᠭᠠᠷᠭᠠᠬᠤ ᠶᠢ ᠬᠦᠰᠡᠵᠦ᠂ ᠬᠤᠷᠠᠯ ᠤᠨ ᠳᠠᠷᠠᠭ᠎ᠠ᠂ ᠲᠥᠯᠥᠭᠡᠯᠡᠭᠴᠢᠳ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ | ᠤᠬᠠᠭᠤᠯᠵᠤ᠂ ᠪᠥᠬᠦ ᠬᠤᠰᠢᠭᠤᠨ ᠤ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠡᠯ᠎ᠡ | ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ | ᠬᠥᠭᠵᠢᠯᠲᠡ ᠳᠤ ᠬᠠᠮᠲᠤᠪᠠᠷ ᠣᠷᠣᠯᠴᠠᠬᠤ ᠬᠡᠷᠡᠭᠲᠡᠢ ᠭᠡᠵᠠᠢ᠃ | | ᠪᠦᠦ ᠯᠢᠨ ᠴᠢᠬᠤᠯᠠᠴᠢᠯᠠᠭᠰᠠᠨ ᠨᠢ᠂ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠣᠳᠠᠲᠠᠢ | ᠠᠵᠢᠯᠯᠠᠬᠤ ᠪᠠᠷ ᠭᠤᠣᠯᠳᠠᠯᠭ᠎ᠠ ᠪᠣᠯᠭᠠᠨ᠂ ᠰᠢᠨ᠎ᠡ ᠶᠢ ᠡᠭᠦᠳᠬᠦ ᠪᠠᠷ ᠠᠮᠢᠨ ᠰᠦᠨᠡᠰᠦ ᠪᠣᠯᠭᠠᠵᠤ᠂ ᠪᠥᠬᠦ ᠬᠤᠰᠢᠭᠤᠨ ᠤ | ᠳᠡᠭᠡᠳᠦ ᠳᠣᠣᠷᠠᠳᠤ ᠱᠠᠲᠤᠨ ᠤ ᠬᠢᠨ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠳᠬᠤᠬᠤ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠠᠢ᠃ | ᠲᠥᠯᠥᠭᠡᠯᠡᠭᠴᠢᠳ᠂ ᠡᠭᠦᠷᠭᠡ ᠬᠠᠷᠢᠭᠤᠴᠠᠯᠭ᠎ᠠ ᠪᠠᠨ ᠦᠯᠦ ᠬᠥᠰᠡᠷᠳᠡᠭᠦᠯᠦᠨ᠂ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠪᠠᠶᠢᠳᠠᠯ ᠢᠶᠠᠷ ᠶᠡᠭᠡ ᠬᠤᠷᠠᠯ ᠳᠤ ᠣᠷᠣᠯᠴᠠᠵᠤ᠂ | ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | |