ᠮᠡᠷᠭᠡᠨᠳᠠᠯᠠᠢ ᠮᠧᠩ ᠹᠠᠨ ᠸᠧᠢ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ  ᠬᠢᠪᠡ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠲᠡᠳ᠋ ᠲᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠲᠤᠷᠠᠳᠤᠭᠳᠠᠭᠰᠠᠨ ᠮᠡᠷᠭᠡᠨᠳᠠᠯᠠᠢ᠂ ᠮᠧᠩ ᠹᠠᠨ ᠸᠧᠢ ᠨᠠᠷ ᠬᠤᠭᠤᠯᠠᠲᠤ ᠶᠢᠨ ᠭᠤᠣᠯ ᠪᠠᠯᠭᠠᠰᠤ᠂ ᠪᠠᠶᠠᠠᠬᠤᠸᠠ ᠪᠠᠯᠭᠠᠰᠤ᠂ ᠪᠠᠯᠭᠠᠷᠭᠤᠤᠯ ᠪᠠᠯᠭᠠᠰᠤ ᠪᠠ ᠵᠢᠷ ᠤᠨ ᠭᠤᠣᠯ ᠪᠠᠯᠭᠠᠰᠤ᠂ ᠪᠠᠶᠠᠠᠬᠤᠰᠢᠭᠤ ᠰᠤᠮᠤᠨ ᠳᠤ ᠭᠦᠨᠵᠡᠭᠡᠶᠢᠷᠡᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠤᠨ ᠲᠣᠭᠤᠷᠢᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠡᠢ᠃    ᠮᠡᠷᠭᠡᠨᠳᠠᠯᠠᠢ᠂ ᠮᠧᠩ ᠹᠠᠨ ᠸᠧᠢ ᠤᠷᠢᠳ ᠬᠤᠵᠢᠳ ᠬᠤᠭᠤᠯᠠᠲᠤ  ᠶᠢᠨ ᠭᠤᠣᠯ  ᠪᠠᠯᠭᠠᠰᠤᠨ ᠤ  ᠪᠠᠶ᠋ᠬᠠᠷᠭᠡᠲᠦ ᠭᠠᠴᠠᠭᠠᠨ ᠤ ᠪᠠᠶᠠᠨᠮᠠᠨᠳᠤᠯ᠎ᠠ᠂ ᠵᠢᠷ ᠤᠨ ᠭᠤᠣᠯ ᠪᠠᠯᠭᠠᠰᠤᠨ ᠤ ᠵᠢᠷ ᠤᠨ ᠭᠤᠣᠯ  ᠭᠠᠴᠠᠭᠠᠨ ᠤ ᠰᠦᠬᠡᠪᠠᠭᠠᠲᠤᠷ᠂ ᠪᠠᠶᠠᠨᠬᠤᠰᠢᠭᠤ ᠰᠤᠮᠤᠨ ᠤ ᠰᠠᠶᠢᠬᠠᠠᠨᠠᠭᠤᠷ ᠭᠠᠴᠠᠭᠠᠨ ᠤ ᠰᠡᠴᠡᠨᠪᠠᠭᠠᠲᠤᠷ᠂  ᠪᠠᠶᠠᠠᠬᠤᠸᠠ ᠪᠠᠯᠭᠠᠰᠤᠨ ᠤ ᠪᠠᠶᠠᠠᠬᠤᠭᠤᠯᠠᠲᠤ ᠭᠠᠴᠠᠭᠠᠨ ᠤ ᠰᠠᠩᠪᠤᠤ ᠶᠢᠨ ᠭᠡᠷ ᠢᠶᠠᠷ ᠬᠦᠷᠴᠦ᠂ ᠲᠡᠳᠡᠨ ᠤ ᠡᠷᠦᠬᠡ ᠪᠦᠷᠢ ᠶᠢᠨ ᠠᠮᠢᠳᠤᠷᠠᠯ ᠤᠨ ᠪᠠᠶᠢᠳᠠᠯ ᠪᠣᠯᠣᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠭᠰᠡᠨ ᠢ ᠣᠶᠢᠯᠠᠭᠠᠭᠰᠠᠨ ᠤ ᠳᠠᠷᠠᠭ᠎ᠠ ᠪᠠᠰᠠ ᠲᠡᠳᠡᠨ ᠲᠠᠢ ᠰᠢᠨ᠎ᠡ ᠨᠢᠭᠡ ᠵᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠡᠳᠬᠢᠴᠡ ᠶᠢᠨ ᠲᠤᠬᠠᠢ ᠰᠠᠨᠠᠯ ᠢᠶᠠᠨ ᠰᠣᠯᠢᠯᠴᠠᠵᠤ᠂  ᠲᠡᠳᠡᠨ ᠢ ᠦᠷᠭᠦᠯᠵᠢᠯᠡᠨ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠪᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃    ᠳᠠᠷᠠᠭ᠎ᠠ ᠳᠤᠨᠢ᠂ ᠬᠤᠭᠤᠯᠠᠲᠤ ᠶᠢᠨ ᠭᠤᠣᠯ ᠪᠠᠯᠭᠠᠰᠤᠨ ᠤ ᠪᠠᠶ᠋ᠬᠠᠷᠭᠡᠲᠦ ᠭᠠᠴᠠᠭᠠᠨ ᠤ  ᠪᠤᠶᠠᠨᠬᠡᠰᠢᠭ᠂ ᠵᠢᠷ ᠤᠨ ᠭᠤᠣᠯ ᠪᠠᠯᠭᠠᠰᠤᠨ ᠤ ᠵᠢᠭᠠᠰᠤᠲᠠᠢ ᠭᠠᠴᠠᠭᠠᠨ ᠤ ᠬᠦᠦᠳᠠᠬᠦᠲᠦ᠂ ᠪᠠᠶᠠᠨᠬᠤᠰᠢᠭᠤ ᠰᠤᠮᠤᠨ ᠤ ᠰᠠᠶᠢᠬᠠᠠᠨᠠᠭᠤᠷ ᠭᠠᠴᠠᠭᠠᠨ ᠤ ᠨᠠᠪᠴᠢ᠂ ᠪᠠᠶᠠᠠᠬᠤᠸᠠ ᠪᠠᠯᠭᠠᠰᠤᠨ ᠤ  ᠪᠠᠶᠠᠠᠬᠤᠭᠤᠯᠠᠲᠤ  ᠭᠠᠴᠠᠭᠠᠨ ᠤ ᠴᠡᠩᠭᠡᠯᠲᠦ ᠨᠠᠷ ᠤᠨ ᠭᠡᠷ ᠲᠤ ᠬᠦᠨᠵᠡᠭᠡᠶᠢᠷᠡᠨ᠂ ᠡᠯ᠎ᠡ  ᠭᠠᠴᠠᠭᠠᠨ ᠤ  ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠮᠠᠯᠴᠢᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃   ᠮᠡᠷᠭᠡᠨᠳᠠᠯᠠᠢ᠂  ᠮᠧᠩ ᠹᠠᠨ ᠸᠧᠢ ᠴᠢᠬᠤᠯᠠᠴᠢᠯᠠᠭᠰᠠᠨ ᠨᠢ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ ︾ ᠤᠨ ᠨᠠᠷᠠᠲᠤ ᠲᠡᠮᠳᠡᠭᠲᠦ ᠳᠤ ᠲᠦᠰᠢᠭᠯᠡᠨ᠂ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ᠂ ᠵᠠᠩ ᠦᠶᠯᠡ ᠶᠢᠨ ᠰᠣᠶᠣᠯ ᠤᠨ ᠦᠵᠡᠭᠦᠯᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠡᠭᠦᠳᠦᠨ ᠪᠦᠲᠦᠭᠡᠵᠦ᠂  ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠪᠠ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠬᠤᠪᠢ ᠶᠢᠨ ᠵᠠᠭᠤᠴᠢᠯᠠᠭᠤᠷ ᠤᠨ ᠤᠬᠠᠭᠤᠯᠭ᠎ᠠ ᠪᠠᠷ ᠳᠡᠮᠵᠢᠨ᠂ ᠵᠠᠩ ᠦᠶᠯᠡ ᠶᠢᠨ ᠠᠵᠢᠯᠯᠠᠭ᠎ᠠ ᠥᠷᠨᠢᠭᠦᠯᠵᠦ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠵᠢᠴᠢ ᠮᠠᠯ ᠠᠵᠤ ᠠᠬᠤᠢ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠦᠢᠯᠡᠳᠦᠯᠭᠡ ᠶᠢᠨ ᠲᠤᠷᠰᠢᠯᠭ᠎ᠠ ᠶᠢ ᠳᠠᠶᠢᠴᠢᠯᠠᠬᠤ ᠬᠡᠷᠡᠭᠲᠡᠢ᠃ ᠡᠮ ᠡᠮᠨᠡᠯᠭᠡ ᠶᠢᠨ ᠦᠢᠯᠡᠴᠢᠯᠡᠭᠡ ᠪᠣᠯ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ  ᠲᠠᠢ ᠠᠵᠢᠯ ᠮᠥᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ  ᠲᠤᠯᠠ ᠡᠮᠴᠢᠯᠡᠭᠡᠨ ᠤ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠴᠢᠨᠠᠭᠰᠢᠲᠠ ᠴᠢᠩᠭᠠᠳᠬᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠲᠦᠮᠡᠨ ᠳᠤ ᠨᠠᠩ ᠰᠢᠯᠢᠳᠡᠭ᠂ ᠥᠨᠳᠥᠷ ᠪᠦᠲᠦᠮᠵᠢᠲᠡᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠬᠡᠵᠠᠢ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号