ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠪᠥᠬᠦ ᠭᠡᠰᠢᠭᠦᠳ ᠨᠠᠮ ‍ᠣᠨ‌ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠪᠠ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 19  ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠬᠤᠷᠠᠯᠳᠣᠭᠠᠨ ᠤ ᠪᠦᠬᠦ ᠭᠡᠰᠢᠭᠦᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠲᠤᠪᠠᠷ ᠰᠣᠷᠣᠯᠴᠠᠵᠣ᠂ ᠲᠣᠰ ᠤᠳᠠᠭᠠᠨ ᠤ ᠲᠤᠰᠬᠠᠢ ᠰᠡᠳᠦᠪᠲᠦ  ᠪᠣᠯᠪᠠᠰᠣᠷᠠᠯ ᠤᠨ ᠬᠤᠷᠠᠯ ᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠬᠠᠢ ᠮᠢᠩ ᠡᠷᠭᠢᠯᠡᠵᠡᠶ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠭᠡᠰᠢᠭᠦᠳ ᠲᠤ  ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ  ᠶᠢ ᠪᠦᠷᠢᠨ ᠪᠦᠲᠦᠨ᠂ ᠣᠨᠣᠪᠴᠢᠲᠠᠶ ᠪᠥᠭᠡᠳ ᠪᠦᠬᠦ ᠲᠠᠯ᠎ᠠ  ᠪᠠᠷ ᠣᠶᠢᠯᠠᠭᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠣᠯᠣᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠠᠨ ᠤ ᠡᠷᠴᠢ ᠵᠣᠷᠢᠭ ᠢᠶᠠᠨ ᠬᠦᠪᠴᠢᠯᠠᠨ᠂ ᠪᠣᠳᠠᠲᠠᠢ ᠠᠵᠢᠯᠯᠠᠵᠤ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ᠂ ᠡᠯ᠎ᠡ ᠲᠦᠷᠦᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠤᠨ ᠢᠶᠠᠷ ᠨᠠᠶᠢᠳᠠᠪᠣᠷᠢᠵᠢᠭᠤᠯᠣᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ   ᠶᠢ ᠵᠣᠷᠢᠵᠣ ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠭᠡᠳᠦ ᠵᠡᠷᠭᠡ ᠶᠢᠨ ᠯᠧᠺᠲ᠋ᠣᠷ  ᠵᠣᠯᠠ ᠶᠢ ᠤᠷᠢᠵᠤ ᠲᠤᠰᠬᠠᠢ ᠰᠡᠳᠦᠪᠲᠦ  ᠲᠠᠶᠢᠯᠣᠮᠵᠢ ᠬᠢᠯᠭᠡᠪᠡ᠃    ᠵᠣᠯᠠ ᠪᠠᠭᠰᠢ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠪᠥᠬᠦᠳᠡ ᠬᠤᠷᠠᠯ ᠤᠨ ︽ᠲᠣᠭᠲᠠᠭᠠᠯ︾ ᠤᠨ ᠲᠣᠭᠤᠷᠢᠨ ᠳᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃    ᠪᠣᠯᠪᠠᠰᠣᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ  ᠴᠢᠬᠤᠯᠠ ᠴᠢᠨᠠᠷ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢᠨ ᠠᠯᠬᠤᠴᠠ ᠶᠢ ᠡᠷᠬᠡᠪᠰᠢ ᠭᠤᠶᠢᠪᠢᠰᠢ ᠦᠭᠡᠢ ᠪᠠᠷ ᠦᠷᠭᠦᠯᠵᠢᠯᠡᠨ ᠠᠬᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠶᠢ ᠪᠠᠲᠤ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠨᠡᠩ ᠴᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠵᠤ᠂ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠤᠯᠠᠮ ᠦᠵᠡᠰᠬᠦᠯᠡᠩᠲᠦ ᠰᠠᠶᠢᠬᠠᠨ ᠪᠣᠯᠭᠠᠬᠤ ᠬᠡᠷᠡᠭᠲᠡᠢ ᠬᠡᠵᠡᠢ᠃    ᠲᠣᠰ ᠤᠳᠠᠭᠠᠨ ᠤ ᠪᠣᠯᠪᠠᠰᠣᠷᠠᠯ ᠠᠴᠠ ᠪᠠᠰᠠ ᠭᠡᠰᠢᠭᠦᠳ ᠢ ᠪᠣᠯᠪᠠᠰᠣᠷᠠᠯ ᠢᠶᠠᠷ ᠠᠵᠠ ᠲᠣᠬᠢᠶᠠᠯ  ᠪᠣᠯᠭᠠᠨ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠡᠳᠬᠢᠮᠵᠢ ᠪᠠᠨ ᠤᠯᠠᠮ ᠨᠢᠭᠡ ᠠᠯᠬᠤᠮ ᠡᠮᠬᠢᠯᠡᠨ ᠳᠢᠭᠯᠡᠵᠦ᠂  ᠦᠪᠡᠷ  ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号