ᠠᠷᠠᠳ ᠤᠨ ᠲᠥᠯᠦᠭᠡᠯᠡᠭᠴᠢᠳ ᠨᠡᠷ᠎ᠡ ᠮᠡᠳᠡᠭᠦᠯᠦᠯ᠎ᠡ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠬᠤ ᠠᠷᠠᠳ ᠤᠨ ᠲᠥᠯᠥᠭᠡᠯᠡᠭᠴᠢᠳ ᠨᠡᠷ᠎ᠡ ᠮᠡᠳᠡᠭᠦᠯᠪᠡ᠃ ᠪᠥᠬᠦ ᠬᠤᠰᠢᠭᠤᠨ ᠤ ᠡᠯ᠎ᠡ ᠠᠵᠢᠯ ᠲᠥᠷᠦᠯ ᠤᠨ ᠹᠷᠣᠨᠲ ᠠᠴᠠ ᠬᠦᠷᠦᠯᠴᠡᠨ ᠢᠷᠡᠭᠰᠡᠨ ᠠᠷᠠᠳ ᠤᠨ ᠲᠥᠯᠦᠭᠡᠯᠡᠭᠴᠢᠳ ᠨᠢ ᠥᠷᠭᠡᠨ ᠤᠯᠠᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠳᠦᠯᠡᠨ ᠶᠡᠭᠡ ᠬᠤᠷᠠᠯ ᠤᠨ ᠲᠠᠯᠠᠪᠠᠢ ᠳᠤ ᠢᠳᠡᠷᠡᠭᠦᠨ ᠵᠢᠪᠬᠤᠭ᠎ᠠ ᠲᠠᠢ ᠠᠯᠬᠤᠨ ᠣᠷᠣᠯ᠎ᠠ  ᠃      ᠬᠤᠷᠠᠯ ᠠᠴᠠ ᠡᠮᠦᠨᠡᠬᠢ ᠪᠡᠯᠡᠳᠬᠡᠯ ᠳᠤ ᠠᠷᠠᠳ ᠤᠨ ᠲᠥᠯᠥᠭᠡᠯᠡᠭᠴᠢᠳ ᠨᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠠᠬᠤᠢ ᠶᠢᠨ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠤᠯᠠᠨ ᠲᠠᠯ᠎ᠠ ᠪᠠᠷ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ ︽ᠬᠤᠶᠠᠷ ᠬᠤᠷᠠᠯ︾ ᠳᠤ ᠳᠡᠪᠰᠢᠭᠦᠯᠬᠦ ᠪᠠᠷ ᠪᠡᠯᠡᠬᠡᠨ ᠪᠤᠯᠭᠠᠵᠠᠢ᠃ ᠲᠥᠯᠥᠭᠡᠯᠡᠭᠴᠢᠳ ᠠᠴᠠ ᠬᠤᠷᠠᠯ ᠤᠨ ᠬᠤᠭᠤᠴᠠᠭᠠᠨ ᠳᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠣᠪᠤᠷ ᠢᠶᠠᠷ ᠬᠤᠷᠠᠯ ᠤᠨ  ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠶᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ  ᠰᠥᠪᠡᠭᠴᠢᠯᠡᠵᠦ᠂  ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠬᠡᠮᠡᠨ ᠢᠯᠡᠷᠬᠡᠶᠢᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号