1 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ | ᠤ ᠪᠡᠯᠡᠳᠭᠡᠯ ᠬᠤᠷᠠᠯ ᠬᠤᠷᠠᠯᠳᠤᠪᠠ᠃ | | ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢᠨ ᠬᠤᠷᠠᠯ ᠳᠤ ᠤᠷᠤᠯᠴᠠᠨ ᠶᠠᠷᠢᠶ᠎ᠠ ᠳᠠᠯᠪᠢᠪᠠ᠃ ᠪᠠᠷᠠᠭᠤᠨ | ᠦᠵᠦᠮᠦᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠯᠤᠳ ᠬᠤᠷᠠᠯ ᠡᠷᠬᠢᠯᠡᠪᠡ᠃ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠡᠯᠡᠳᠭᠡᠯ ᠬᠤᠷᠠᠯ ᠳᠤ ᠤᠷᠤᠯᠴᠠᠬᠤ | ᠵᠤᠬᠢᠰᠳᠠᠢ ᠲᠦᠯᠦᠭᠡᠯᠡᠭᠴᠢ 156 ᠬᠦᠮᠦᠨ ᠪᠠᠶᠢᠵᠤ᠂ ᠪᠡᠯᠡᠳᠬᠡᠯ ᠬᠤᠷᠠᠯ ᠳᠤ 142 ᠲᠦᠯᠦᠭᠡᠯᠡᠭᠴᠢ ᠤᠷᠤᠯᠴᠠᠵᠤ᠂ | ᠬᠠᠣᠯᠢ ᠳᠤ ᠳᠣᠭᠳᠠᠭᠠᠭᠰᠠᠨ ᠬᠦᠮᠦᠨ ᠤ ᠳᠤᠭ᠎ᠠ ᠳᠤ ᠨᠡᠶᠢᠴᠡᠵᠡᠢ᠃ | | ᠲᠤᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠪᠦᠦ ᠯᠢᠨ ᠵᠢᠭᠠᠬᠤ ᠳᠠᠭᠠᠨ᠂ ᠪᠥᠬᠦ | ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠡᠯ᠎ᠡ | ᠵᠦᠢᠯ ᠤᠨ ᠪᠡᠯᠡᠳᠬᠡᠯ ᠠᠵᠢᠯ ᠢᠶᠠᠨ ᠳᠠᠭᠤᠰᠬᠠᠵᠤ᠂ ᠤᠳᠠᠯ ᠦᠭᠡᠢ ᠦᠪᠡᠳᠡᠭᠰᠢ ᠶᠡᠭᠡ ᠪᠠᠷ ᠡᠬᠢᠯᠡᠬᠦ ᠪᠣᠯᠣᠨ᠎ᠠ᠃ | ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠬᠤ ᠳᠤ᠂ ᠪᠢᠳᠡᠨ ᠳᠤ ᠬᠦᠨᠳᠦ ᠨᠦᠰᠡᠷ ᠡᠭᠦᠷᠭᠡ | ᠲᠤᠯᠭᠠᠷᠠᠵᠤ᠂ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠲᠣᠰ ᠤᠳᠠᠭᠠᠨ ᠤ ᠶᠡᠭᠡ ᠬᠤᠷᠠᠯ ᠪᠣᠯ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠲᠥᠷᠥ ᠶᠢᠨ ᠠᠮᠢᠳᠤᠷᠠᠯ ᠤᠨ ᠨᠢᠭᠡᠨ | ᠲᠣᠮᠣ ᠶᠠᠪᠤᠳᠠᠯ ᠮᠥᠨ᠂ ᠬᠤᠰᠢᠭᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠷᠭᠡᠨ | ᠣᠯᠠᠨ ᠺᠠᠳ᠋ᠷ ᠣᠯᠠᠨ ᠲᠦᠮᠡᠨ ᠬᠠᠯᠠᠮᠰᠢᠨ ᠠᠩᠬᠠᠷᠴᠤ᠂ ᠶᠡᠭᠡ ᠬᠦᠰᠡᠯ ᠨᠠᠶᠢᠳᠠᠯᠭ᠎ᠠ ᠲᠠᠯᠪᠢᠵᠤ ᠪᠠᠶᠢᠭ᠎ᠠ ᠨᠢ | ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | ᠪᠦᠦ ᠯᠢᠨ ᠴᠢᠬᠤᠯᠠᠴᠢᠯᠠᠬᠤ ᠳᠠᠭᠠᠨ᠂ ᠲᠣᠰ ᠤᠳᠠᠭᠠᠨ ᠤ ᠶᠡᠭᠡ ᠬᠤᠷᠠᠯ ᠪᠣᠯ ᠮᠠᠨ ᠤ ᠬᠤᠰᠢᠭᠤᠨ ᠤ ᠪᠥᠬᠦ | ᠲᠠᠯ᠎ᠠ ᠶᠢᠨ ᠠᠵᠢᠯ ᠤᠨ ᠨᠢᠭᠡ ᠤᠳᠠᠭᠠᠨ ᠤ ᠬᠢᠨᠠᠨ ᠰᠢᠯᠭᠠᠭᠤᠷ ᠪᠣᠯᠬᠤ ᠮᠥᠷᠲᠡᠭᠡᠨ ᠬᠤᠷᠠᠯ ᠳᠤ ᠣᠷᠣᠯᠴᠠᠭᠰᠠᠨ ᠪᠥᠬᠦ | ᠲᠥᠯᠥᠭᠡᠯᠡᠭᠴᠢᠳ ᠤᠨ ᠨᠢᠭᠡ ᠤᠳᠠᠭᠠᠨ ᠤ ᠤᠯᠤᠰ ᠲᠦᠷᠦ ᠶᠢᠨ ᠬᠢᠨᠠᠨ ᠰᠢᠯᠭᠠᠯᠲᠠ ᠪᠤᠯᠬᠤ ᠶᠤᠮ᠃ | ᠲᠥᠯᠥᠭᠡᠯᠡᠭᠴᠢᠳ ᠪᠦᠭᠦ ᠬᠤᠰᠢᠭᠤᠨ ᠤ ᠠᠵᠢᠯ ᠤᠨ ᠶᠡᠭᠡ ᠲᠠᠯ᠎ᠠ ᠶᠢ ᠬᠠᠮᠠᠭᠠᠯᠠᠬᠤ ᠦᠨᠳᠦᠷᠴᠡ ᠠᠴᠠ ᠪᠦᠬᠦ | ᠬᠤᠰᠢᠭᠤᠨ ᠤ ᠠᠯᠤᠰ ᠬᠡᠳᠦ ᠶᠢᠨ ᠠᠰᠢᠭ ᠲᠤᠰᠠ ᠪᠣᠯᠤᠨ ᠲᠣᠭᠲᠠᠭᠤᠨ ᠢᠶᠠᠷ ᠬᠥᠭᠵᠢᠬᠦ ᠠᠬᠢᠴᠠ ᠶᠢ ᠪᠣᠳᠣᠯᠬᠢᠯᠠᠵᠤ | ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠤᠯᠤᠨ | ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠯᠤᠰ ᠬᠡᠲᠤ ᠶᠢᠨ ᠠᠰᠢᠭ ᠲᠤᠰᠠ ᠠᠴᠠ | ᠡᠭᠦᠰᠴᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠶ ᠭᠦᠢᠴᠡᠳᠬᠡᠵᠦ᠂ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ | ᠢᠯᠡᠳᠬᠡᠯ ᠢ ᠨᠠᠷᠢᠨ ᠬᠢᠨᠠᠮᠠᠭᠠᠶ ᠬᠢᠨᠠᠨ ᠵᠥᠪᠯᠡᠵᠦ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠡᠨᠡ ᠤᠳᠠᠭᠠᠨ ᠤ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠤᠷᠤᠭᠰᠢᠯᠠᠨ | ᠲᠠᠪᠰᠢᠬᠰᠠᠨ᠂ ᠰᠤᠷᠲᠠᠯ ᠴᠢᠬᠡᠴᠢ ᠣᠪᠣᠷ ᠲᠥᠪ᠂ ᠬᠥᠮᠥᠰ ᠤᠨ ᠰᠡᠳᠬᠢᠯ ᠢ ᠨᠢᠭᠲᠠᠷᠠᠭᠤᠯᠤᠭᠰᠠᠨ᠂ ᠲᠡᠮᠡᠴᠡᠯ ᠤᠨ | ᠵᠣᠷᠢᠭ ᠢ ᠬᠥᠪᠴᠢᠯᠡᠭᠰᠡᠨ᠂ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠪᠠᠷᠠᠯᠠᠭᠰᠠᠨ ᠶᠡᠭᠡ ᠬᠤᠷᠠᠯ ᠪᠣᠯᠭᠠᠨ | ᠬᠤᠷᠠᠯᠳᠤᠭᠤᠯᠬᠤ ᠬᠡᠷᠡᠭᠳᠠᠢ ᠬᠡᠵᠠᠢ᠃ | ᠶᠡᠭᠡ ᠬᠤᠷᠠᠯ ᠤᠨ ᠪᠡᠯᠡᠳᠬᠡᠯ ᠬᠤᠷᠠᠯ ᠠᠴᠠ ᠪᠠᠰᠠ ᠶᠡᠭᠡ ᠬᠤᠷᠠᠯ ᠤᠨ ᠵᠦᠪᠯᠡᠬᠦ ᠵᠦᠢᠯ ︵ᠡᠬᠡ ᠨᠤᠤᠷᠠᠭ︶ ᠢ | ᠪᠠᠳᠣᠯᠠᠨ᠂ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠪᠤᠯᠤᠨ ᠨᠠᠷᠢᠨ ᠪᠢᠴᠢᠭ ᠤᠨ | ᠳᠠᠷᠤᠭ᠎ᠠ ᠶᠢ ᠰᠣᠩᠭᠤᠵᠤ᠂ ᠰᠠᠨᠠᠯ ᠵᠦᠪᠯᠡᠯᠬᠡ ᠶᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ | ᠡᠬᠡ ᠨᠤᠤᠷᠠᠭ︶ ᠪᠤᠯᠤᠨ ᠲᠦᠯᠦᠪᠯᠡᠭᠡ ᠲᠦᠰᠦᠪ ᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ | ᠡᠬᠡ ᠨᠤᠤᠷᠠᠭ︶ ᠢ ᠪᠠᠳᠤᠯᠠᠵᠠᠢ᠃ | | |