ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠬᠤᠶᠠᠳᠤᠭᠠᠷ ᠤᠳᠠᠭᠠᠨ ᠤ ᠪᠦᠬᠦ ᠬᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠬᠤᠶᠠᠳᠤᠭᠠᠷ ᠤᠳᠠᠭᠠᠨ ᠤ ᠪᠦᠬᠦ ᠬᠡᠰᠢᠭᠦᠳ ᠤᠨ ᠬᠤᠷᠠᠯ ᠬᠤᠷᠠᠯᠳᠤᠭᠤᠯᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ  ᠲᠡᠳ᠋  ᠲᠠᠷᠤᠭ᠎ᠠ ᠵᠤᠤ  ᠭᠦᠸᠧ  ᠳ᠋ᠦᠩ  ᠂  ᠳᠡᠳ᠋ ᠲᠡᠷᠢᠭᠦᠯᠡᠭᠴᠢ ᠰᠠᠷᠠᠠᠳᠤᠶᠠᠭ᠎ᠠ᠂ ᠶᠣᠣ ᠬᠠᠢ ᠮᠢᠩ᠂ ᠤᠳᠬᠠᠠᠪᠠᠭᠠᠳᠤᠷ᠂ ᠶᠠᠩ ᠳ᠋ᠦᠩ ᠹᠧᠩ᠂ ᠨᠠᠷᠢᠨ ᠪᠢᠴᠢᠭ ᠤᠨ ᠳᠠᠷᠤᠭ᠎ᠠ ᠤᠤᠭᠠᠠᠳᠦ᠋ᠭᠦᠷᠡᠩ ᠬᠤᠷᠠᠯ ᠳᠤ ᠤᠷᠤᠯᠴᠠᠪᠠ᠃
     ᠲᠤᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠳᠠᠢ ᠬᠡᠰᠢᠬᠦᠨ 122 ᠬᠦᠮᠦᠨ᠂ ᠪᠣᠳᠠᠲᠠᠢ ᠣᠷᠣᠯᠴᠠᠭᠰᠠᠨ ᠨᠢ 111 ᠬᠦᠮᠦᠨ ᠪᠠᠶᠢᠵᠤ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠲᠤᠠᠠᠳᠠᠭᠠᠯ ᠳᠤ ᠨᠡᠶᠢᠴᠡᠭᠰᠡᠨ ᠪᠠᠶᠢᠨ᠎ᠠ᠃
     ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠤᠳᠬᠠᠠᠪᠠᠭᠠᠳᠤᠷ ᠬᠤᠷᠠᠯ ᠡᠷᠭᠢᠯᠠᠪᠠ᠃      ᠬᠤᠷᠠᠯ ᠳᠤ᠂ ᠬᠤᠰᠢᠭᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠠᠯᠳᠠᠠᠬᠤᠸᠠᠷ᠂ ᠬᠤᠰᠢᠭᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠳᠠᠷᠤᠭ᠎ᠠ ᠭᠠᠩᠪᠠᠭᠠᠲᠤᠷ᠂ ᠬᠤᠰᠢᠭᠤ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠰᠤᠶᠤᠯᠳᠤ᠂ ᠪᠠᠯᠭᠠᠷᠭᠤᠤᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠤᠯᠮᠤᠨ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠡᠴᠡᠡᠬᠤᠸᠠᠷ᠂  ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠤᠶᠠᠩᠭ᠎ᠠ᠂ ᠴᠤᠸᠠᠩ ᠢ ᠴᠡᠴᠡᠷᠯᠢᠭ ᠤᠨ ᠦᠵᠡᠮᠵᠢ ᠶᠢᠨ ᠱᠤᠭᠤᠮᠠᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠵᠣᠣ ᠵᠢᠶᠠᠨ ᠯᠢ᠂ ᠤᠯᠠᠭᠠᠨᠮᠥ᠋ᠴᠢᠷ ᠤᠨ ᠳᠡᠳ᠋ ᠳᠠᠷᠤᠭ᠎ᠠ ᠪᠠᠶᠠᠠᠨᠠᠮᠤᠷ ᠵᠡᠷᠭᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠠᠴᠠ ᠭᠡᠷ ᠪᠦᠯᠢ ᠶᠢᠨ ᠬᠥᠮᠦᠵᠢᠯ ᠢ ᠰᠠᠶᠢᠳᠤᠷ ᠠᠳᠬᠤᠵᠤ ᠨᠠᠰᠤᠨ ᠳᠤ ᠥᠯᠥ ᠭᠦᠷᠦᠭᠰᠡᠳ ᠤᠨ ᠡᠷᠡᠭᠦᠯ ᠮᠡᠨᠳᠦ ᠪᠠᠷ ᠦᠰᠦᠨ ᠪᠣᠶᠢᠵᠢᠬᠤ ᠶᠢ ᠬᠠᠮᠠᠭᠠᠯᠠᠬᠤ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠬᠡᠷᠡᠭᠯᠡᠬᠦ ᠪᠠᠷ ᠰᠠᠭᠤᠷᠢ ᠪᠣᠯᠭᠠᠵᠤ ᠨᠡᠶᠢᠭᠡᠮ ᠤᠨ ᠡᠶ᠎ᠡ ᠵᠣᠬᠢᠴᠠᠯ ᠤᠨ ᠪᠠᠬᠢᠯᠡᠯᠳᠡ ᠶᠢ ᠪᠠᠶᠢᠭᠤᠯᠬᠤ᠂ ᠨᠠᠰᠤᠲᠠᠶᠢᠴᠤᠳ ᠤᠨ ᠤᠳᠬ᠎ᠠ ᠤᠷᠠᠯᠢᠭ ᠤᠨ ᠠᠵᠢᠯ ᠢ ᠰᠠᠶᠢᠲᠤᠷ ᠬᠢᠬᠦ᠂ ᠵᠥᠷᠢᠴᠡᠯ ᠢ ᠡᠶᠡᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠡᠶᠡᠯᠡᠭᠦᠯᠬᠦ᠂ ᠠᠵᠢᠯ ᠣᠯᠭᠤᠯᠲᠠ ᠶᠢᠨ ᠰᠢᠨ᠎ᠡ ᠪᠠᠶᠢᠳᠠᠯ ᠳᠤ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ᠂ ︽1331︾ ᠣᠯᠠᠨ ᠡᠰᠢᠲᠦ ᠬᠠᠮᠲᠤ ᠪᠠᠷ ᠵᠠᠰᠠᠬᠤ ᠵᠠᠭᠪᠤᠷ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠵᠤ ᠵᠢᠭᠤᠯᠴᠢᠯᠠᠯ ᠤᠨ ᠦᠢᠯᠡᠰ ᠢ ᠴᠢᠨᠠᠷ ᠰᠠᠶᠢᠲᠠᠢ ᠬᠦᠭᠵᠢᠬᠦᠯᠬᠦ ᠪᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠮᠦᠵᠢᠯ ᠲᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠡᠳᠦᠪ ᠢᠶᠠᠷ ᠢᠯᠡᠳᠬᠡᠯ ᠬᠢᠪᠡ᠃
  ᠬᠤᠷᠠᠯ ᠳᠤ᠂ 2024 ᠣᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢᠨ ᠪᠠᠶᠢᠳᠠᠯ ᠢ ᠨᠡᠶᠢᠳᠡᠯᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠡᠰᠢᠬᠦᠨ ᠤ ᠵᠢᠱᠢᠭᠳᠡᠭᠴᠢ ᠶᠢᠨ ᠰᠠᠨᠠᠭᠤᠯᠭ᠎ᠠ ᠶᠢᠨ ᠨᠠᠷᠡᠰ ︵ᠲᠦᠰᠦᠯ︶ ᠢ ᠲᠠᠨᠢᠯᠴᠠᠭᠤᠯᠵᠤ᠂ ᠶᠡᠭᠡ ᠬᠤᠷᠠᠯ ᠤᠨ ᠰᠤᠩᠭᠤᠭᠤᠯᠢ  ᠶᠢᠨ ᠠᠷᠭ᠎ᠠ ︵ ᠲᠦᠰᠦᠯ  ︶ ᠶᠢ ᠤᠩᠰᠢᠨ ᠨᠡᠶᠢᠳᠡᠯᠡᠪᠡ᠃ ᠡᠭᠦᠨ ᠤ ᠬᠠᠮᠳᠤ 2025 ᠤᠨ ᠤ ︽ᠵᠢᠷᠭᠤᠭᠠᠨ ᠨᠢᠭᠡ︾ ᠬᠡᠰᠢᠬᠦᠨ ᠤ ᠲᠤᠰᠢᠶᠠᠯ ᠢᠶᠠᠨ ᠬᠦᠢᠴᠡᠳᠬᠡᠬᠦ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号