1 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ ᠶᠢᠨ 9 ᠴᠠᠭ ᠲᠤ᠂ ᠲᠤᠮᠳᠠᠳᠤ ᠤᠯᠤᠰ ᠤᠨ ᠠᠷᠠᠳ | ᠤᠨ ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠯᠢᠶᠡᠨ ᠲᠤᠮᠳᠠᠳᠤ ᠤᠯᠤᠰ ᠤᠨ ᠤᠨᠴᠠᠯᠢᠭ ᠲᠠᠢ | ᠤᠳᠤᠬᠢᠴᠢᠯᠠᠯᠳᠠ ᠶᠢ ᠪᠡᠶᠡᠯᠡᠭᠦᠯᠬᠦ ᠠᠤᠭ᠎ᠠ ᠬᠠᠷᠠᠯᠳᠠ ᠶᠢᠨ ᠲᠤᠮᠳᠠ ᠦᠪᠡᠳᠡᠭᠰᠢ ᠶᠡᠭᠡ ᠪᠠᠷ ᠬᠤᠷᠠᠯᠳᠤᠵᠤ ᠡᠬᠢᠯᠡᠪᠡ᠃ | | | ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠤ ᠯᠢᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠱᠦᠵᠢ᠂ ᠡᠷᠬᠢᠯᠡᠭᠴᠢ ᠪᠤᠯᠤᠳ | ᠪᠤᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠬᠤᠰᠢᠭᠤ ᠲᠡᠳ᠋ | ᠲᠠᠷᠤᠭ᠎ᠠ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠤᠯ ᠤᠳᠤᠷᠢᠳᠤᠯᠭ᠎ᠠ᠂ ᠪᠠᠶᠠᠠᠬᠤᠸᠠ ᠠᠵᠤ ᠠᠬᠤᠢ | ᠶᠢᠨ ᠨᠡᠭᠡᠭᠡᠯᠳᠡ ᠶᠢᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠪᠠᠶᠢᠩᠭᠤ ᠶᠢᠨ ᠲᠡᠳ᠋ ᠡᠷᠬᠢᠯᠡᠭᠴᠢ ᠪᠠ | ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠮᠠᠨ ᠤ ᠬᠤᠰᠢᠭᠤᠨ ᠳᠤ ᠰᠠᠭᠤᠭ᠎ᠠ ᠤᠯᠤᠰ ᠲᠦᠷᠦ ᠶᠢᠨ ᠵᠦᠪᠯᠡᠯᠭᠡᠨ | ᠤ ᠬᠡᠰᠢᠬᠦᠨ ᠤᠷᠢᠯᠭ᠎ᠠ ᠪᠠᠷ ᠬᠤᠷᠠᠯ ᠳᠤ ᠤᠷᠤᠯᠴᠠᠵᠦ ᠲᠡᠷᠢᠭᠦᠯᠡᠭᠴᠢ ᠶᠢᠨ ᠲᠠᠶᠢᠰᠠᠨ ᠳᠤ ᠰᠠᠭᠤᠪᠠ᠃ | | ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠪᠠᠭᠠᠨ᠎ᠠ᠂ ᠲᠡᠳ᠋ ᠲᠡᠷᠢᠭᠦᠯᠡᠭᠴᠢ ᠰᠠᠷᠠᠠᠳᠤᠶᠠᠭ᠎ᠠ᠂ ᠶᠤᠤ ᠬᠠᠢ ᠮᠢᠩ᠂ | ᠤᠳᠬᠠᠠᠪᠠᠭᠠᠳᠤᠷ᠂ ᠶᠠᠩ ᠳ᠋ᠦᠩ ᠹᠧᠩ᠂ ᠨᠠᠷᠢᠨ ᠪᠢᠴᠢᠭ ᠤᠨ ᠲᠠᠷᠤᠭ᠎ᠠ ᠤᠤᠭᠠᠠᠳᠦ᠋ᠭᠦᠷᠡᠩ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠦᠷ ᠲᠤ ᠰᠠᠭᠤᠪᠠ᠃ | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠷᠠᠠᠳᠤᠶᠠᠭ᠎ᠠ ᠬᠤᠷᠠᠯ ᠡᠷᠬᠢᠯᠡᠪᠡ᠃ | ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠬᠤ ᠵᠤᠬᠢᠰᠳᠠᠢ ᠬᠡᠰᠢᠬᠦᠨ 122 ᠬᠦᠮᠦᠨ ᠪᠠᠶᠢᠵᠤ᠂ 111 ᠬᠦᠮᠦᠨ | ᠬᠤᠷᠠᠯ ᠳᠤ ᠤᠷᠤᠯᠴᠠᠨ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠲᠤᠠᠠᠳᠠᠭᠠᠯ ᠳᠤ ᠨᠡᠶᠢᠴᠡᠭᠰᠡᠨ ᠪᠠᠶᠢᠨ᠎ᠠ | ᠃ | ᠪᠦᠦ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ | ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠬᠦᠷᠭᠡᠵᠦ ᠲᠡᠭᠦᠰ ᠠᠮᠵᠢᠯᠲᠠ ᠲᠠᠢ ᠬᠤᠷᠠᠯᠳᠤᠬᠤ ᠶᠢ ᠵᠥᠩᠨᠡᠪᠡ᠃ | ᠲᠡᠷᠡ ᠶᠠᠷᠢᠶᠠᠨ ᠳᠠᠭᠠᠨ᠄ 2024 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ | ᠲᠤᠰᠢᠶᠠᠭᠰᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠬᠦᠴᠦᠯᠡᠨ ᠠᠳᠬᠤᠵᠤ᠂ ᠪᠦᠯᠬᠦᠮᠳᠡᠨ ᠨᠢᠭᠡᠳᠴᠦ ᠪᠣᠳᠠᠲᠠᠢ ᠠᠵᠢᠯᠯᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠪᠠᠷᠠᠭᠤᠨ ᠦᠵᠦᠮᠦᠴᠢᠨ ᠤ ᠦᠢᠯᠡᠳᠦᠯᠭᠡ ᠶᠢᠨ ᠰᠢᠨ᠎ᠡ ᠦᠷ᠎ᠡ ᠪᠦᠲᠦᠮᠵᠢ ᠶᠢ ᠤᠯᠪᠠ᠃ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠨᠢᠭᠡ | ᠴᠣᠭᠴᠠᠵᠢᠭᠤᠯᠤᠨ ᠠᠬᠢᠭᠤᠯᠬᠤ ᠲᠤᠮᠳᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠵᠤ᠂ ᠰᠢᠨᠵᠢᠯᠡᠬᠦ ᠤᠬᠠᠭᠠᠨᠴᠢ | ᠠᠷᠭ᠎ᠠ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠤᠬᠠᠮᠰᠠᠷᠯᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠪᠥᠬᠦ ᠬᠤᠰᠢᠭᠤᠨ ᠤ ᠡᠯ᠎ᠡ ᠱᠠᠲᠤᠨ ᠤ ᠠᠵᠢᠯ | ᠦᠢᠯᠡᠰ ᠢᠶᠠᠨ ᠴᠣᠭᠴᠠᠯᠠᠬᠤ ᠴᠤᠭ ᠵᠢᠪᠬᠤᠭ᠎ᠠ ᠶᠢ ᠬᠦᠭᠵᠢᠭᠡᠪᠡ᠃ ᠥᠩᠭᠡᠷᠡᠭᠰᠡᠨ ᠨᠢᠭᠡ ᠵᠢᠯ ᠳᠤ ᠰᠢᠷᠭᠠᠭᠤ | ᠬᠠᠲᠠᠭᠤᠵᠢᠯᠲᠠᠢ ᠴᠢᠷᠮᠠᠶᠢᠨ ᠠᠵᠢᠯᠯᠠᠵᠤ᠂ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠵᠤ ᠵᠢᠱᠢᠯᠲᠡ ᠪᠠᠷ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 230 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | 6% ᠢᠶᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠡᠯᠡ ᠲᠠᠳᠠᠬᠤ ᠭᠡᠷ᠎ᠡ ᠲᠣᠭᠲᠠᠭᠰᠠᠨ ᠲᠦᠰᠦᠯ 21 ᠪᠠᠶᠢᠵᠤ᠂ | 63 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ ᠪᠥᠬᠦ ᠠᠶᠢᠮᠠᠭ ᠲᠤ ᠨᠢᠭᠡᠳᠦᠭᠡᠷ ᠲᠤ | ᠣᠷᠣᠪᠠ᠃ 8 ᠵᠢᠯ ᠳᠠᠷᠠᠭᠠᠯᠠᠨ ︽ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ︾ ᠳᠤ | ᠲᠤᠷᠠᠳᠤᠭᠳᠠᠪᠠ᠃ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ | ᠭᠡᠰᠢᠭᠦᠨ ᠨᠢ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ | ᠶᠠᠪᠤᠳᠠᠯ ᠳᠤ ᠣᠷᠣᠯᠴᠠᠨ ᠵᠥᠪᠯᠡᠬᠦ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠤᠯᠤᠰ ᠲᠥᠷᠥ ᠶᠢᠨ | ᠵᠥᠪᠯᠡᠯᠭᠡᠨ ᠤ ᠬᠤᠪᠢ ᠨᠡᠮᠡᠷᠢ ᠪᠠᠨ ᠭᠠᠷᠭᠠᠪᠠ ᠭᠡᠵᠡᠢ᠃ | | ᠪᠦᠦ ᠯᠢᠨ ᠴᠢᠬᠤᠯᠠᠴᠢᠯᠠᠬᠤ ᠳᠠᠭᠠᠨ᠄ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠂ ᠪᠦᠭᠦ ᠬᠤᠰᠢᠭᠤ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠭᠡᠰᠢᠭᠦᠳ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠤᠬᠠᠮᠰᠠᠷ ᠠᠴᠠ ᠪᠠᠨ ᠳᠠᠭᠠᠵᠤ᠂ ᠠᠮᠢ ᠠᠬᠤᠢ ᠶᠢ ᠪᠣᠬᠢᠷᠲᠤᠯ ᠦᠭᠡᠢ | ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠬᠤᠳᠠ | ᠬᠥᠳᠡᠭᠡ ᠶᠢ ᠵᠣᠬᠢᠴᠠᠩᠭᠤᠢ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠬᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠵᠡᠷᠭᠡ | ᠲᠠᠯ᠎ᠠ ᠪᠠᠷ ᠤᠯᠤᠰ ᠲᠦᠷᠦ ᠶᠢᠨ ᠵᠥᠪᠯᠡᠯᠭᠡ ᠬᠢᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ | ᠢᠳᠡᠪᠬᠢᠲᠡᠢ ᠪᠠᠷ ᠶᠠᠷᠢᠶ᠎ᠠ ᠬᠡᠯᠡᠯᠴᠡᠭᠡ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ | ᠬᠠᠮᠲᠤᠪᠠᠷ ᠰᠦᠪᠡᠭᠴᠢᠯᠡᠵᠦ᠂ ᠡᠭᠦᠨ ᠤ ᠬᠠᠮᠲᠤ᠂ ᠬᠤᠷᠠᠯ ᠤᠨ ᠳᠠᠷᠠᠭ᠎ᠠ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠤᠯᠠᠮᠵᠢᠯᠠᠨ ᠲᠤᠤᠱᠯᠠᠭᠤᠯᠵᠤ᠂ ᠪᠠᠷᠠᠭᠤᠨ ᠦᠵᠦᠮᠦᠴᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠲᠠᠯ᠎ᠠ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠵᠤ ᠰᠡᠳᠬᠢᠯ ᠨᠢᠭᠡᠳᠦᠨ ᠪᠦᠯᠬᠦᠮᠳᠡᠨ ᠨᠢᠭᠡᠳᠴᠦ᠂ | ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠠᠠᠳᠠᠷᠠᠯ ᠤᠨ ᠬᠦᠴᠦᠨ ᠢ ᠪᠠᠶᠢᠭᠤᠯᠬᠤ ᠶᠢ | ᠬᠦᠰᠡᠵᠦ ᠪᠠᠶᠢᠨ᠎ᠠ ᠭᠡᠵᠡᠢ᠃ | ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ | ᠱᠦᠵᠢ᠂ ᠲᠡᠷᠢᠭᠦᠯᠡᠭᠴᠢ ᠪᠠᠭᠠᠨ᠎ᠠ ᠤᠯᠤᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠮᠡᠳᠡᠭᠦᠯᠦᠯᠳᠡ ᠬᠢᠵᠦ᠂ ᠵᠢᠭᠠᠬᠤ ᠳᠠᠭᠠᠨ᠂ 2024 ᠣᠨ ᠪᠣᠯ ᠪᠦᠬᠦᠳᠠ ᠨᠠᠶᠢᠷᠠᠮᠳᠠᠬᠤ ᠲᠣᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠮᠦᠨᠴᠦ ᠠᠷᠠᠳ ᠤᠨ ᠤᠯᠤᠰ ᠲᠦᠷᠥ ᠶᠢᠨ ᠵᠦᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠢ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠥ ᠶᠢᠨ | ᠵᠦᠪᠯᠡᠯᠭᠡᠨ ᠵᠢᠴᠢ ᠪᠠᠶᠢᠩᠭᠤ ᠶᠢᠨ ᠬᠤᠷᠢᠶ᠎ᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠪᠤᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠣᠱᠯᠠᠭᠤᠯᠵᠦ᠂ ᠶᠠᠷᠤᠩᠭᠡᠢ ᠱᠦᠵᠢ ᠰᠢ ᠶᠢᠨ ᠫᠢᠩ ᠤᠨ ᠠᠷᠠᠳ ᠤᠨ | ᠤᠯᠤᠰ ᠲᠦᠷᠥ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠨ ᠦᠵᠠᠯ ᠰᠠᠨᠠᠭ᠎ᠠ | ᠪᠤᠯᠤᠨ ᠦᠪᠦᠷ ᠮᠤᠩᠭᠤᠯ ᠤᠨ ᠲᠤᠬᠠᠢ ᠴᠢᠬᠤᠯᠨ ᠵᠢᠭᠠᠪᠤᠷᠢ ᠶᠢᠨ ᠵᠣᠷᠢᠭ ᠰᠠᠨᠠᠭ᠎ᠠ ᠶᠢ ᠬᠦᠨᠵᠠᠭᠡᠢ ᠲᠤᠣᠱᠯᠠᠭᠤᠯᠵᠦ᠂ | ᠬᠤᠰᠢᠭᠤ ᠨᠠᠮ ᠤᠨ ᠬᠤᠷᠢᠶᠠᠨ ᠤ ᠪᠠᠳᠦ ᠴᠢᠩᠭ᠎ᠠ ᠣᠳᠤᠷᠢᠳᠤᠯᠭ᠎ᠠ ᠪᠠ ᠠᠶᠢᠮᠠᠭ ᠤᠨ ᠤᠯᠤᠰ ᠲᠦᠷᠥ ᠶᠢᠨ | ᠵᠦᠪᠯᠡᠯᠭᠡᠨ ᠤ ᠵᠢᠯᠣᠭᠤᠳᠤᠯᠭ᠎ᠠ ᠲᠤᠤᠷ᠎ᠠ᠂ ᠤᠯᠤᠰ ᠲᠦᠷᠥ ᠶᠢᠨ ᠵᠦᠪᠯᠡᠯᠭᠡᠨ ᠤ ᠭᠡᠰᠢᠬᠦᠳ᠂ ᠡᠯ᠎ᠠ ᠠᠷᠠᠳ ᠤᠨ | ᠪᠦᠯᠬᠦᠮ ᠪᠤᠯᠤᠨ ᠡᠯ᠎ᠠ ᠦᠨᠳᠤᠰᠤᠳᠠᠨ᠂ ᠡᠯ᠎ᠠ ᠠᠵᠢᠯ ᠲᠦᠷᠦᠯ ᠤᠨ ᠬᠦᠮᠤᠰ ᠢ ᠪᠦᠯᠬᠦᠮᠳᠠᠬᠦᠯᠣᠨ ᠲᠠᠭᠠᠭᠤᠯᠵᠦ᠂ | ᠭᠤᠣᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠠᠴᠢᠯᠠᠵᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ | ᠴᠤᠭᠴᠨ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠤᠯᠣᠰ ᠲᠦᠷᠥ ᠶᠢᠨ ᠵᠦᠪᠯᠡᠯᠭᠡᠨ ᠤ ᠡᠯ᠎ᠠ ᠵᠦᠢᠯ ᠤᠨ | ᠠᠵᠢᠯ ᠤᠨ ᠭᠤᠤᠯ ᠱᠤᠭᠤᠮ ᠪᠤᠯᠭᠠᠵᠦ᠂ ᠤᠯᠤᠰ ᠲᠦᠷᠥ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠡᠯᠳᠠ | ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠠᠬᠦ ᠬᠢᠷᠢ ᠲᠦᠪᠰᠢᠨ ᠢᠶᠠᠨ | ᠲᠠᠰᠤᠷᠠᠯᠳᠠ ᠦᠭᠡᠢ ᠲᠡᠭᠡᠭᠰᠢᠯᠠᠬᠦᠯᠵᠦ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠤᠯ ᠢᠶᠠᠨ ᠨᠡᠩ ᠰᠠᠶᠢᠳᠤᠷ | ᠪᠠᠳᠠᠷᠠᠭᠤᠯᠵᠦ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ | ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠯᠣᠰ ᠲᠦᠷᠥ ᠶᠢᠨ ᠵᠦᠪᠯᠡᠯᠭᠡᠨ ᠤ ᠬᠠᠷᠢᠭᠤᠴᠠᠯᠭ᠎ᠠ ᠡᠬᠦᠷᠭᠡᠯᠠᠯ ᠢᠶᠠᠨ | ᠲᠤᠳᠤᠷᠬᠠᠶᠢᠯᠠᠵᠦ᠂ ᠤᠯᠣᠰ ᠲᠦᠷᠥ ᠶᠢᠨ ᠵᠦᠪᠯᠡᠯᠭᠡᠨ ᠤ ᠴᠤᠭ ᠵᠢᠪᠬᠤᠭ᠎ᠠ ᠪᠠᠨ ᠢᠯᠡᠷᠠᠬᠦᠯᠵᠦ᠂ ᠤᠯᠣᠰ ᠲᠦᠷᠥ ᠶᠢᠨ | ᠵᠦᠪᠯᠡᠯᠭᠡᠨ ᠤ ᠬᠤᠪᠢ ᠨᠠᠮᠠᠷᠢ ᠪᠠᠨ ᠦᠵᠡᠬᠦᠯᠦᠭᠰᠡᠨ ᠪᠠᠶᠢᠨ᠎ᠠ ᠭᠡᠵᠡᠢ᠃ | ᠮᠡᠳᠡᠭᠦᠯᠦᠯᠳᠡ ᠳᠤ ᠴᠢᠬᠤᠯᠠᠴᠢᠯᠠᠬᠤ ᠳᠠᠭᠠᠨ᠂ 2025 ᠤᠨ ᠪᠤᠯ ︽ᠠᠷᠪᠠᠨ ᠲᠦᠷᠪᠠᠳᠤᠭᠡᠷ ᠲᠠᠪᠤᠨ ᠵᠢᠯ︾ | ᠤᠨ ᠲᠦᠯᠦᠪᠵᠢᠭᠦᠯᠭᠡ ᠶᠢᠨ ᠡᠴᠤᠰ ᠤᠨ ᠵᠢᠯ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠪᠠᠶᠢᠷᠢᠯᠠᠭᠤᠯᠣᠯᠳᠠ ᠶᠢᠨ ᠵᠢᠯ ᠪᠠᠶᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ | ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠦᠭᠡᠷᠠᠴᠢᠯᠠᠯᠳᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠬᠦᠨᠵᠠᠭᠡᠶᠢᠷᠠᠬᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠃ ᠬᠤᠰᠢᠭᠤ ᠤᠯᠤᠰ ᠲᠦᠷᠥ ᠶᠢᠨ ᠵᠦᠪᠯᠡᠯᠭᠡᠨ ᠵᠢᠴᠢ ᠪᠠᠶᠢᠩᠭᠤ ᠶᠢᠨ ᠬᠤᠷᠢᠶᠠᠨ | ᠤ ᠠᠵᠢᠯ ᠤᠨ ᠶᠠᠷᠤᠩᠭᠡᠢ ᠱᠠᠭᠠᠷᠳᠠᠯᠭ᠎ᠠ ᠪᠤᠯ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠨᠠᠮ ᠤᠨ | ᠬᠤᠷᠢᠳᠤᠭᠠᠷ ᠶᠡᠭᠡ ᠬᠤᠷᠠᠯ ᠪᠤᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠶᠠᠷᠤᠩᠭᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠥ ᠶᠢᠨ ᠵᠦᠪᠯᠡᠯᠭᠡᠨ ᠪᠠᠶᠢᠭᠤᠯᠤᠭᠳᠠᠭᠰᠠᠨ 75 | ᠵᠢᠯ ᠤᠨ ᠤᠢ ᠶᠢ ᠪᠠᠯᠭᠡᠯᠡᠬᠦ ᠶᠡᠭᠡ ᠬᠤᠷᠠᠯ ᠲᠠᠭᠡᠷᠡᠬᠢ ᠴᠢᠬᠤᠯᠨ ᠶᠠᠷᠢᠶ᠎ᠠ ᠪᠤᠯᠤᠨ ᠦᠪᠦᠷ ᠮᠤᠩᠭᠤᠯ ᠤᠨ ᠲᠤᠬᠠᠢ | ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠠᠭᠡᠢ ᠰᠤᠷᠤᠯᠴᠠᠨ ᠲᠤᠤᠱᠯᠠᠭᠤᠯᠵᠦ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠭᠤᠤᠯ ᠠᠵᠢᠯ ᠲᠠᠢ ᠨᠢᠠᠠᠳᠠ ᠤᠶᠠᠯᠳᠤᠭᠤᠯᠤᠨ᠂ ᠲᠤᠮᠳᠠᠳᠤ ᠶᠢᠨ | ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ ᠭᠤᠤᠯ ᠰᠢᠵᠢᠮ | ᠪᠤᠯᠭᠠᠵᠦ᠂ ᠲᠤᠰᠬᠠᠢ ᠵᠦᠪᠯᠠᠬᠦ ᠪᠠᠶᠢᠭᠤᠯᠤᠮᠵᠢ ᠶᠢᠨ ᠦᠢᠯᠠᠳᠤᠯ ᠢ ᠬᠦᠢᠴᠠᠳ ᠪᠠᠳᠠᠷᠠᠭᠤᠯᠵᠦ᠂ ᠠᠷᠠᠳᠴᠢᠯᠠᠯ ᠢ | ᠪᠠᠳᠠᠷᠠᠭᠤᠯᠬᠤ ᠪᠠ ᠪᠦᠯᠬᠦᠮᠳᠠᠯ ᠢ ᠴᠢᠩᠭᠠᠳᠬᠠᠬᠤ ᠶᠢ ᠬᠠᠷᠢᠯᠴᠠᠨ ᠠᠭᠤᠰᠤᠯᠴᠠᠭᠤᠯᠵᠦ᠂ ᠰᠠᠨᠠᠯ ᠵᠦᠪᠯᠡᠯᠭᠡ | ᠲᠤᠷᠠᠳᠤᠨ ᠵᠠᠰᠠᠭ ᠲᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠨᠢᠠᠠᠳᠠᠷᠠᠭᠤᠯᠤᠨ ᠬᠤᠤᠰ ᠴᠢᠭᠯᠡᠯ ᠢᠶᠠᠷ | ᠬᠦᠴᠦᠯᠠᠬᠦ ᠶᠢ ᠪᠠᠷᠢᠮᠳᠠᠯᠠᠵᠦ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠤ | ᠰᠢᠨ᠎ᠡ ᠦᠢᠯᠠᠳᠤᠯᠭᠡ ᠶᠢ ᠠᠬᠢᠭᠤᠯᠬᠤ ᠳᠤ ᠬᠠᠮᠳᠤ ᠶᠢᠨ ᠲᠠᠨᠢᠯᠳᠠ᠂ ᠤᠶᠤᠨ ᠤᠬᠠᠭᠠᠨ ᠪᠠ ᠬᠦᠴᠦᠨ ᠴᠢᠳᠠᠯ ᠢ | ᠨᠢᠠᠠᠳᠠᠷᠠᠭᠤᠯᠤᠨ᠎ᠠ ᠭᠡᠵᠡᠢ᠃ | ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠡ ᠵᠢᠨᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠲᠡᠳ᠋ ᠲᠡᠷᠢᠭᠦᠯᠡᠭᠴᠢ ᠶᠠᠩ ᠳ᠋ᠦᠩ ᠹᠧᠩ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ | ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠡ ᠶᠢᠨ ᠪᠠᠶᠢᠩᠭᠤ ᠶᠢᠨ ᠬᠤᠷᠢᠶᠠᠨ ᠤ | ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠪᠠᠶᠢᠳᠠᠯ ᠤᠨ | ᠲᠤᠬᠠᠢ ᠮᠡᠳᠡᠭᠦᠯᠦᠯᠲᠡ ᠬᠢᠵᠦ᠂ ᠤᠯᠤᠰ ᠲᠦᠷᠥ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠨᠠᠶᠢᠳᠠ 86 ᠬᠤᠪᠢ ᠰᠠᠨᠠᠯ ᠲᠤᠷᠠᠳᠤᠯᠭ᠎ᠠ ᠶᠢ ᠬᠦᠯᠢᠶᠠᠨ ᠠᠪᠴᠦ | ᠬᠢᠨᠡᠨ ᠪᠠᠶᠢᠴᠠᠭᠠᠳ 76 ᠬᠤᠪᠢ ᠶᠢ ᠨᠢ ᠲᠠᠩᠰᠠᠯᠠᠪᠠ᠃ 2024 ᠤᠨ ᠤ 12 ᠰᠠᠷ᠎ᠠ ᠶᠢᠨ ᠰᠠᠬᠦᠯᠴᠢ ᠪᠤᠯᠳᠠᠯ᠎ᠠ᠂ | ᠡᠯ᠎ᠠ ᠰᠠᠨᠠᠯ ᠲᠤᠷᠠᠳᠤᠯᠭ᠎ᠠ ᠶᠢ ᠪᠦᠬᠦᠨ ᠢ ᠬᠠᠷᠢᠭᠤᠯᠵᠦ ᠲᠠᠭᠤᠰᠬᠠᠭᠰᠠᠨ ᠪᠦᠭᠡᠳ ᠬᠠᠷᠢᠭᠤᠯᠳᠠ ᠦᠭᠬᠦᠭᠰᠠᠨ ᠨᠤᠷᠮ᠎ᠠ | 100 % ᠳᠤ ᠬᠦᠷᠪᠠ᠃ ᠬᠠᠷᠢᠭᠤ ᠲᠤᠰᠬᠠᠭᠰᠠᠨ ᠰᠠᠨᠠᠯ ᠤᠨ ᠪᠠᠶᠢᠳᠠᠯ ᠠᠴᠠ ᠦᠵᠠᠪᠠᠯ᠂ ᠡᠯ᠎ᠠ ᠲᠠᠭᠠᠭᠠᠨ | ᠰᠢᠢᠳᠪᠤᠷᠢᠯᠠᠬᠦ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ ᠰᠠᠨᠠᠯ ᠲᠤᠷᠠᠳᠤᠯᠭ᠎ᠠ ᠲᠤᠷᠠᠳᠤᠭᠰᠠᠳ ᠯᠤᠭ᠎ᠠ ᠬᠠᠷᠢᠯᠴᠠᠵᠦ | ᠰᠠᠨᠠᠯ ᠰᠠᠨᠠᠭᠤᠯᠭ᠎ᠠ ᠶᠢ ᠨᠢ ᠬᠢᠨᠠᠮᠠᠭᠠᠢ ᠰᠤᠨᠤᠰᠴᠦ᠂ ᠬᠦᠢᠴᠠᠳᠭᠡᠬᠦ ᠠᠴᠠ ᠡᠮᠣᠨ᠎ᠠ ᠬᠠᠷᠢᠯᠴᠠᠵᠦ᠂ ᠰᠢᠢᠳᠪᠤᠷᠢᠯᠠᠬᠦ | ᠲᠤᠮᠳᠠ ᠵᠦᠪᠳᠠᠯᠴᠠᠵᠦ᠂ ᠰᠢᠢᠳᠪᠤᠷᠢᠯᠡᠭᠰᠡᠠᠨ ᠤ ᠲᠠᠷᠠᠭ᠎ᠠ ᠬᠠᠷᠢᠭᠤ ᠲᠤᠰᠬᠠᠯ ᠲᠠᠢ ᠪᠠᠶᠢᠵᠦ᠂ ᠭᠡᠰᠢᠬᠦᠳ ᠤᠨ ᠰᠠᠨᠠᠯ | ᠲᠤᠷᠠᠳᠤᠯᠭ᠎ᠠ ᠶᠢ ᠰᠢᠢᠳᠪᠤᠷᠢᠯᠡᠭᠰᠡᠨ ᠲᠠᠯ᠎ᠠ ᠪᠠᠷ ᠬᠠᠨᠤᠮᠵᠢᠳᠠᠢ ᠪᠠᠶᠢᠬᠤ ᠨᠤᠷᠮ᠎ᠠ 100% ᠳᠤ ᠬᠦᠷᠦᠭᠰᠡᠨ ᠪᠠᠶᠢᠨ᠎ᠠ | ᠭᠡᠵᠡᠢ᠃ | |