ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠠᠴᠠ ᠡᠮᠦᠨ᠎ᠡ᠂ ᠴᠠᠬᠢᠯᠭᠠᠨ ᠬᠦᠴᠦᠨ ᠤ | ᠺᠣᠮᠫᠠᠨᠢ ᠶᠢᠨ ᠠᠵᠢᠯᠲᠠᠨ᠂ ᠠᠷᠠᠳ ᠤᠨ ᠲᠥᠯᠥᠭᠡᠯᠡᠭᠴᠢ ᠯᠦ ᠶᠠᠨ ᠰᠢᠤᠸᠠᠢ ᠬᠤᠷᠠᠯ ᠳᠤ ᠣᠷᠣᠯᠴᠠᠬᠤ ᠪᠡᠯᠡᠳᠬᠡᠯ | ᠠᠵᠢᠯ ᠢᠶᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠣᠷᠣᠨ ᠨᠤᠲᠤᠭ ᠤᠨ ᠬᠥᠭᠵᠢᠯᠲᠡ ᠶᠢ | ᠠᠬᠢᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠡᠮᠬᠢᠳᠬᠡᠨ᠂ ᠣᠳᠠᠯ ᠦᠭᠡᠢ ᠬᠤᠷᠠᠯᠳᠣᠬᠤ ︽ᠬᠤᠶᠠᠷ ᠬᠤᠷᠠᠯ ︾ ᠳᠤ | ᠳᠡᠪᠰᠢᠭᠦᠯᠬᠦ ᠪᠠᠷ ᠪᠡᠯᠡᠬᠡᠨ ᠪᠣᠯᠪᠠ᠃ | ᠯᠦ ᠶᠠᠨ ᠰᠢᠣᠸᠠᠢ ᠡᠳᠦᠷ ᠳᠤᠳᠤᠮ ᠤᠨ ᠠᠵᠢᠯ ᠳᠤᠮᠳᠠ ᠪᠠᠨ ᠠᠷᠠᠳ ᠤᠨ ᠠᠮᠢᠳᠤᠷᠠᠯ ᠤᠨ ᠨᠠᠷᠢᠨ ᠵᠦᠢᠯᠡᠰ ᠢ | ᠲᠤᠶᠢᠯ ᠢᠶᠠᠷ ᠠᠩᠬᠠᠷᠴᠤ᠂ ᠨᠡᠶᠢᠭᠡᠮ ᠲᠣᠭᠤᠷᠢᠭ ᠤᠨ ᠴᠠᠬᠢᠯᠭᠠᠨ ᠴᠡᠨᠡᠭᠯᠡᠭᠦᠷ ᠤᠨ ᠪᠠᠶᠢᠭᠤᠯᠤᠯᠲᠠ᠂ ᠪᠤᠶᠢᠳᠠ ᠪᠥᠭᠯᠡᠭᠦᠦ | ᠭᠠᠵᠠᠷ ᠣᠷᠣᠨ ᠤ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠢ ᠭᠦᠨᠵᠡᠭᠡᠢ ᠪᠠᠶᠢᠴᠠᠭᠠᠨ ᠤᠶᠢᠯᠠᠭᠠᠵᠤ᠂ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠨᠠᠷᠢᠨ ᠪᠣᠳᠠᠲᠠᠢ ᠰᠠᠨᠠᠯ ᠵᠥᠪᠯᠡᠯᠭᠡ ᠪᠣᠯᠭᠠᠨ | ᠡᠮᠬᠢᠳᠬᠡᠵᠦ ᠂ ︽ᠬᠤᠶᠠᠷ ᠬᠤᠷᠠᠯ ︾ ᠳᠤ ᠳᠡᠪᠰᠢᠭᠦᠯᠬᠦ ᠪᠠᠷ ᠪᠡᠯᠡᠳᠬᠡᠳᠡᠭ ᠃ | ᠠᠷᠠᠳ ᠤᠨ ᠲᠥᠯᠦᠭᠡᠯᠡᠭᠴᠢ ᠶᠢᠨ ᠰᠠᠨᠠᠯ ᠵᠥᠪᠯᠡᠯᠭᠡ ᠨᠢᠭᠡᠪᠦᠷᠢ ᠨᠢ ᠴᠥᠮ ᠤᠯᠠᠨ ᠲᠦᠮᠡᠨ ᠤ ᠬᠦᠰᠡᠯ ᠡᠷᠡᠮᠡᠯᠵᠡᠯ ᠢ | ᠠᠴᠢᠶᠠᠯᠠᠵᠤ᠂ ᠠᠷᠠᠳ ᠤᠨ ᠠᠮᠢᠳᠤᠷᠠᠯ ᠤᠨ ᠪᠠᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠳᠠᠭ᠃ ᠯᠦ ᠶᠠᠨ ᠰᠢᠣᠸᠠᠢ ᠵᠢᠯ ᠪᠦᠷᠢ ᠶᠢᠨ ︽ᠬᠤᠶᠠᠷ ᠬᠤᠷᠠᠯ ︾ | ᠠᠴᠠ ᠡᠮᠦᠨ᠎ᠡ ᠬᠤᠷᠠᠯ ᠳᠤ ᠳᠡᠪᠰᠢᠭᠦᠯᠬᠦ ᠰᠠᠨᠠᠯ ᠵᠥᠪᠯᠡᠯᠭᠡ ᠪᠠᠨ ᠠᠬᠢᠨ ᠲᠠᠬᠢᠨ ᠡᠮᠬᠢᠳᠬᠡᠵᠦ᠂ ᠪᠠᠰᠠ ᠪᠤᠰᠤᠳ | ᠲᠥᠯᠥᠭᠡᠯᠡᠭᠴᠢᠳ ᠲᠠᠢ ᠪᠠᠨ ᠢᠳᠡᠪᠬᠢᠲᠡᠢ ᠪᠠᠷ ᠰᠠᠨᠠᠯ ᠪᠤᠳᠤᠯ ᠢᠶᠠᠨ ᠰᠣᠯᠢᠯᠴᠠᠳᠠᠭ᠃ ᠦᠩᠭᠡᠷᠡᠭᠰᠡᠨ ᠬᠤᠭᠤᠴᠠᠭᠠᠨ ᠤ | ᠬᠤᠷᠠᠯ ᠳᠤ᠂ ᠯᠦ ᠶᠠᠨ ᠰᠢᠤᠸᠠᠢ ᠶᠢᠨ ᠪᠤᠰᠤᠳ ᠲᠥᠯᠥᠭᠡᠯᠡᠭᠴᠢ ᠲᠠᠢ ᠪᠠᠨ ᠨᠡᠷ᠎ᠡ ᠬᠤᠯᠪᠣᠨ ᠳᠡᠪᠰᠢᠭᠦᠯᠦᠭᠰᠡᠨ | ᠬᠤᠪᠢᠰᠬᠠᠯᠲᠤ ᠠᠳᠠᠯ ᠠᠬᠤᠢ ᠶᠢ ᠪᠠᠶᠢᠭᠤᠯᠬᠤ ᠲᠤᠬᠠᠢ ᠰᠠᠨᠠᠭᠤᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠲᠠᠲᠤ ᠬᠠᠷᠢᠭᠤᠯᠲᠠ ᠥᠭᠴᠡᠢ᠃ ᠣᠶᠢᠷ᠎ᠠ ᠶᠢᠨ ᠵᠢᠯ ᠳᠤ᠂ ᠪᠠᠷᠠᠭᠤᠨ | ᠦᠵᠦᠮᠦᠴᠢᠨ ᠬᠤᠰᠢᠭᠤ ︽ᠬᠤᠪᠢᠰᠬᠠᠯᠲᠤ ᠠᠳᠠᠯ ᠠᠬᠤᠢ︾ ᠶᠢᠨ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠵᠦ᠂ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ︽ | ᠬᠤᠪᠢᠰᠬᠠᠯᠲᠤ ᠠᠳᠠᠯ ᠠᠬᠤᠢ︾ ᠶᠢᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠰᠢᠰᠲ᠋ᠧᠮ ᠢ | ᠪᠠᠶᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠪᠠᠶᠢᠷᠢᠰᠢᠯ︾ ᠢ ᠪᠣᠶ ᠪᠤᠯᠭᠠᠵᠤ᠂ ︽ | ᠬᠤᠪᠢᠰᠬᠠᠯᠲᠤ ᠠᠳᠠᠯ ᠠᠬᠤᠢ︾ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠢ ᠪᠦᠲᠦᠭᠡᠨ ᠪᠠᠶᠢᠭᠤᠯᠵᠤ | ᠂ ᠦᠨᠳᠦᠰᠦᠨ ᠱᠠᠲᠤᠨ ᠤ ᠵᠠᠰᠠᠯᠲᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | ᠯᠦ ᠶᠠᠨ ᠰᠢᠤᠸᠠᠢ ᠢᠯᠡᠷᠬᠡᠶᠢᠯᠡᠬᠦ ᠳᠡᠭᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠨᠢ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ ᠨᠠᠩ ᠴᠤ ᠬᠦᠨᠳᠦ ᠬᠠᠷᠢᠭᠤᠴᠠᠯᠭ᠎ᠠ ᠮᠥᠨ᠃ ᠢᠷᠡᠭᠡᠳᠦᠢ ᠳᠤ᠂ | ᠦᠷᠭᠦᠯᠵᠢᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠶᠢᠭᠡᠮ ᠠᠵᠤ ᠠᠬᠤᠢ ᠶᠢᠨ | ᠬᠥᠭᠵᠢᠯᠲᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠪᠡ ᠃ |