1 ᠰᠠᠷ᠎ᠠ ᠶᠢᠨ 17 ᠤ ᠡᠳᠦᠷ᠂ ᠤᠯᠠᠭᠠᠨᠬᠠᠭᠠᠯᠭ᠎ᠠ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠭᠤᠯᠠᠲᠤ ᠶᠢᠨ ᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ︽ | ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠣᠷᠣᠭᠰᠢᠯᠠᠶ᠎ᠠ ︱ ᠨᠠᠮ ᠤᠨ | ᠪᠠᠶᠢᠭᠤᠯᠤᠯᠲᠠ ᠶᠢᠨ ᠬᠤᠶᠠᠷ ᠢ ᠬᠥᠮᠦᠵᠢᠭᠦᠯᠬᠦ ᠰᠣᠶᠣᠯ ᠤᠨ ᠪᠥᠲᠦᠭᠡᠭᠳᠡᠬᠦᠨ ᠪᠠ ᠨᠤᠲᠤᠭ ᠤᠨ ᠭᠠᠷᠤᠯᠲᠠ ᠶᠢᠨ ᠳᠡᠯᠭᠡᠨ | ᠪᠤᠷᠤᠯᠠᠭᠤᠯᠭ᠎ᠠ︾ ᠬᠤᠰᠢᠭᠤ ᠠᠷᠠᠯᠵᠢᠶ᠎ᠠ ᠬᠤᠳᠠᠯᠳᠤᠭᠠᠨ ᠤ ᠲᠣᠮᠣ ᠠᠰᠠᠷ ᠲᠤ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ | ᠠᠵᠢᠯᠯᠠᠭ᠎ᠠ ᠨᠢ 1 ᠰᠠᠷ᠎ᠠ ᠶᠢᠨ 19 ᠤ ᠡᠳᠦᠷ ᠪᠣᠯᠲᠠᠯ᠎ᠠ ᠦᠷᠭᠦᠯᠵᠢᠯᠡᠵᠦ᠂ ᠭᠤᠷᠪᠠᠨ ᠡᠳᠦᠷ ᠶᠠᠪᠤᠭᠳᠠᠨ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠯ ᠢ ᠠᠬᠢᠭᠤᠯᠤᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠬᠦ ᠪᠠᠷ ᠵᠣᠷᠢᠯᠭ᠎ᠠ ᠪᠠᠨ | ᠪᠤᠯᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠬᠤᠷᠰᠢᠶ᠎ᠠ᠂ ᠢᠳᠡᠭᠡᠨ | ᠤᠮᠳᠠᠭᠠᠨ ᠤ ᠠᠵᠤ ᠠᠬᠤᠶᠢᠯᠠᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠵᠢᠴᠢ ᠪᠣᠳᠠᠰ ᠤᠨ ᠪᠤᠰᠤ ᠵᠠᠯᠭᠠᠮᠵᠢᠯᠠᠭᠴᠢ ᠨᠠᠷ | ᠢᠳᠡᠪᠬᠢᠲᠡᠢ ᠣᠷᠣᠯᠴᠠᠵᠤ᠂ ᠲᠣᠰ ᠲᠣᠰ ᠤᠨ ᠴᠤᠭ ᠵᠢᠪᠬᠤᠭ᠎ᠠ ᠪᠠᠨ ᠪᠠᠳᠠᠷᠠᠭᠤᠯᠵᠠᠢ᠃ ᠬᠤᠳᠠᠯᠳᠤᠭᠠᠴᠢᠳ ᠤᠨ | ᠬᠥᠭᠵᠢᠯᠲᠡ ᠶᠢ ᠳᠡᠮᠵᠢᠬᠦ ᠶᠢᠨ ᠲᠥᠯᠥᠭᠡ᠂ ᠭᠤᠣᠯᠯᠠᠨ ᠡᠷᠭᠢᠯᠡᠭᠰᠡᠨ ᠨᠢᠭᠡᠴᠢ ᠠᠴᠠ ᠲᠠᠯᠠᠪᠤᠷ ᠤᠨ ᠰᠦᠢᠳᠬᠡᠯ ᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠬᠠᠩᠭᠠᠬᠤ ᠶᠢᠨ ᠬᠠᠮᠲᠤ ᠡᠯ᠎ᠡ ᠬᠤᠳᠠᠯᠳᠤᠭᠠᠴᠢᠳ ᠤᠨ | ᠦᠵᠡᠭᠦᠯᠦᠯᠭᠡ ᠶᠢᠨ ᠲᠣᠭᠤᠷᠢᠭ ᠢᠶᠠᠨ ᠥᠪᠡᠰᠦᠪᠡᠨ ᠴᠢᠮᠡᠭᠯᠡᠵᠦ᠂ ᠥᠪᠡᠷ ᠥᠪᠡᠷ ᠤᠨ ᠣᠨᠴᠠᠯᠢᠭ ᠢᠶᠠᠨ ᠭᠦᠢᠴᠡᠳ | ᠢᠯᠡᠷᠡᠭᠦᠯᠬᠦ ᠶᠢ ᠵᠣᠷᠢᠭᠵᠢᠭᠤᠯᠵᠠᠢ᠃ | ᠳᠡᠯᠭᠡᠨ ᠪᠣᠷᠣᠯᠠᠭᠤᠯᠬᠤ ᠪᠦᠲᠦᠭᠡᠭᠳᠡᠬᠦᠨ ᠤ ᠲᠥᠷᠥᠯ ᠵᠦᠢᠯ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ | ᠴᠠᠭᠠᠨ ᠢᠳᠡᠭᠡᠨ᠂ ᠣᠯᠠᠭᠠᠨ ᠢᠳᠡᠭᠡᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠤᠳᠠᠰ ᠤᠨ ᠪᠤᠰᠤ | ᠪᠦᠲᠦᠭᠡᠭᠳᠡᠬᠦᠨ ᠵᠢᠴᠢ ᠤᠷᠢᠳᠴᠢᠯᠠᠨ ᠬᠢᠭᠰᠡᠨ ᠨᠣᠭᠤᠭ᠎ᠠ ᠵᠡᠷᠭᠡ ᠶᠢ ᠬᠠᠮᠤᠷᠴᠠᠢ᠃ ᠡᠳᠡᠭᠡᠷ ᠪᠦᠲᠦᠭᠡᠭᠳᠡᠬᠦᠨ ᠢ ᠴᠥᠮ | ᠤᠯᠠᠭᠠᠨᠬᠠᠭᠠᠯᠭ᠎ᠠ ᠰᠤᠮᠤ ᠪᠣᠯᠣᠨ ᠬᠤᠭᠤᠯᠠᠲᠣ ᠶᠢᠨ ᠭᠤᠣᠯ ᠪᠠᠯᠭᠠᠰᠤᠨ ᠤ ᠮᠠᠯᠴᠢᠳ ᠨᠠᠷᠢᠨ ᠨᠢᠮᠪᠠᠢ ᠡᠳ᠋ᠰᠢᠭᠦᠯᠦᠨ | ᠦᠢᠯᠡᠳᠴᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠦᠨᠳᠦᠰᠦᠲᠡᠨ ᠤ ᠵᠠᠩ ᠦᠢᠯᠡ ᠪᠠᠷ ᠭᠦᠨ ᠵᠤᠵᠠᠭᠠᠨ | ᠪᠠᠶᠢᠵᠤ᠂ ᠲᠤᠬᠠᠢ ᠶᠢᠨ ᠭᠠᠵᠠᠷ ᠤᠨ ᠥᠪᠡᠷᠮᠢᠴᠡ ᠰᠣᠶᠣᠯ ᠤᠨ ᠠᠭᠤᠯᠬᠤᠨ ᠪᠠ ᠠᠷᠠᠳ ᠤᠨ ᠵᠠᠩ ᠦᠢᠯᠡ ᠶᠢ ᠭᠦᠢᠴᠡᠳ | ᠬᠠᠷᠠᠭᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ᠂ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠷᠣᠨ | ᠨᠤᠲᠤᠭ ᠤᠨ ᠣᠨᠴᠠᠯᠢᠭᠲᠤ ᠪᠦᠲᠦᠭᠡᠭᠳᠡᠬᠦᠨ ᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠬᠤ ᠶᠢ | ᠠᠬᠢᠭᠤᠯᠬᠤ ᠪᠠᠷ ᠴᠢᠷᠮᠠᠶᠢᠭᠰᠠᠭᠠᠷ ᠢᠷᠡᠵᠡᠶ᠂ ᠲᠣᠰ ᠤᠳᠠᠭᠠᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠨᠢ ᠴᠠᠭᠠᠨ ᠰᠠᠷ᠎ᠠ ᠳᠤ | ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠠᠵᠤ | ᠠᠬᠤᠶᠢᠯᠠᠯ ᠪᠠ ᠮᠠᠯᠴᠢᠳ ᠲᠤ ᠳᠡᠯᠭᠡᠨ ᠦᠵᠡᠭᠦᠯᠬᠦ ᠪᠠ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠡᠴᠡᠭᠯᠡᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ | |